ᠳᠤᠮᠳᠠᠳᠤ ᠤᠯᠤᠰ ᠤᠨ ᠬᠡᠮᠵᠢᠯᠲᠡ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠥᠪᠥᠷ ᠮᠤᠩᠭᠤᠯ ᠳᠤ ᠬᠤᠪᠢᠶᠠᠷᠢ ᠬᠦᠷᠢᠶᠡᠯᠡᠩ ᠪᠠᠶᠢᠭᠤᠯᠬᠤ ᠪᠠᠷ ᠪᠠᠶᠢᠨ᠎ᠠ
ᠨᠡᠶᠢᠲᠡᠯᠡᠭᠰᠡᠨ ᠴᠠᠭ᠄
2017/5/16
     2017 ᠤᠨ ᠤ 5 ᠳ᠋ᠤᠭᠠᠷ ᠰᠠᠷ᠎ᠠ ᠶᠢᠨ 13᠎ ᠤ ᠡᠳᠦᠷ ᠤᠨ ᠦᠳᠡ ᠶᠢᠨ ᠬᠤᠶᠢᠨ᠎ᠠ᠂ ᠳᠤᠮᠳᠠᠳᠤ ᠤᠯᠤᠰ ᠤᠨ ᠬᠡᠮᠵᠢᠯᠲᠡ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠪᠣᠯᠤᠨ ᠥᠪᠥᠷ ᠮᠣᠩᠭᠤᠯ ᠤᠨ ᠬᠡᠮᠵᠢᠨ ᠰᠢᠯᠭᠠᠬᠤ ᠰᠤᠳᠤᠯᠭᠠᠨ ᠤ ᠬᠦᠷᠢᠶᠡᠯᠡᠩ ᠬᠠᠮᠲᠤᠷᠠᠨ ᠠᠵᠢᠯᠯᠠᠬᠤ ᠵᠥᠪᠯᠡᠯᠴᠡᠭᠡᠷ ᠲᠤ ᠭᠠᠷ ᠦᠰᠦᠭ ᠵᠢᠷᠤᠬᠤ ᠶᠤᠰᠤᠯᠠᠯ ᠶᠠᠪᠤᠭᠤᠯᠪᠠ᠃ ᠳᠤᠮᠳᠠᠳᠤ ᠤᠯᠤᠰ ᠤᠨ ᠬᠡᠮᠵᠢᠯᠲᠡ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠨᠭᠡᠷ ᠰᠢᠨ᠎ᠡ ᠲᠤᠭᠤᠷᠢᠭ ᠲᠤ ᠬᠤᠪᠢᠶᠠᠷᠢ ᠬᠦᠷᠢᠶᠡᠯᠡᠩ ᠪᠠᠶᠢᠭᠤᠯᠬᠤ ᠪᠠᠷ ᠪᠤᠯᠪᠠ᠃ ᠳᠤᠮᠳᠠᠳᠤ ᠤᠯᠤᠰ ᠤᠨ ᠬᠡᠮᠵᠢᠯᠲᠡ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠪᠣᠯ ᠳᠤᠮᠳᠠᠳᠤ ᠤᠯᠤᠰ ᠤᠨ ᠬᠠᠮᠤᠭ ᠤᠨ ᠳᠡᠭᠡᠳᠦ ᠬᠡᠮᠵᠢᠯᠲᠡ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠲᠦᠪ ᠪᠤᠯᠤᠨ᠎ᠠ᠃ ᠬᠤᠪᠢᠶᠠᠷᠢ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠪᠣᠯ ᠳᠤᠮᠳᠠᠳᠤ ᠤᠯᠤᠰ ᠤᠨ ᠬᠡᠮᠵᠢᠯᠲᠡ ᠶᠢᠨ ᠦᠢᠯᠡᠰ ᠤᠨ ᠨᠢᠭᠡᠳᠦᠯᠲᠡᠶ ᠲᠥᠯᠥᠪᠵᠢᠭᠦᠯᠵᠦ᠂ ᠵᠣᠬᠢᠰᠲᠠᠶ ᠪᠠᠶᠢᠷᠢᠰᠢᠭᠤᠯᠬᠤ ᠴᠢᠬᠤᠯᠠ ᠲᠠᠯ᠎ᠠ ᠪᠣᠯᠤᠨ᠎ᠠ᠃ ᠬᠤᠪᠢᠶᠠᠷᠢ ᠬᠦᠷᠢᠶᠡᠯᠡᠩ ᠢ ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ ᠲᠤ ᠪᠠᠶᠢᠭᠤᠯᠬᠤ ᠨᠢ ᠬᠤᠷᠢᠨᠭᠡᠷ ᠰᠢᠨ᠎ᠡ ᠲᠤᠭᠤᠷᠢᠭ ᠤᠨ ᠭᠤᠶᠤᠴᠢᠯᠠᠵᠤ ᠬᠢᠨᠠᠨ ᠵᠦᠪᠰᠢᠶᠡᠷᠡᠭᠦᠯᠬᠦ ᠪᠠ ᠬᠦᠭᠵᠢᠭᠦᠯᠬᠦ ᠳᠤ ᠪᠦᠲᠦᠮᠵᠢᠲᠡᠶ ᠦᠢᠯᠡᠴᠢᠯᠡᠬᠦ ᠪᠠ ᠠᠬᠢᠭᠤᠯᠵᠤ ᠪᠣᠯᠬᠤ ᠮᠥᠷᠲᠡᠭᠡᠨ ᠪᠠᠰᠠ ᠰᠢᠨ᠎ᠡ ᠡᠨᠧᠷᠭᠢ᠂ ᠰᠢᠨ᠎ᠡ ᠡᠳ᠋ ᠮᠠᠲ᠋ᠧᠷᠢᠶᠠᠯ᠂ ᠡᠨᠧᠷᠭᠢ ᠠᠷᠪᠢᠯᠠᠵᠤ ᠣᠷᠴᠢᠨ ᠲᠤᠭᠤᠷᠢᠨ ᠢ ᠬᠠᠮᠠᠭᠠᠯᠠᠬᠤ᠂ ᠳᠡᠭᠡᠳᠦ ᠲᠡᠰ ᠤᠨ ᠲᠣᠨᠣᠭᠯᠠᠯ᠂ ᠶᠡᠭᠡ ᠳ᠋ᠠᠶᠢᠲ᠋ᠠ ᠡᠭᠦᠯᠡᠨ ᠪᠤᠳᠤᠯᠲᠠ ᠶᠢᠨ ᠦᠷᠨᠢᠯ ᠢ ᠲᠦᠷᠭᠡᠳᠬᠡᠵᠦ᠂ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ᠂ ᠮᠣᠩᠭᠤᠯ ᠬᠢᠲᠠᠳ ᠡᠮ ᠡᠮᠨᠡᠯᠭᠡ ᠵᠡᠷᠭᠡ ᠪᠠᠶᠢᠯᠳᠤᠬᠤ ᠪᠤᠳᠤᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠬᠠᠮᠲᠤ ᠪᠠᠷ ᠬᠦᠭᠵᠢᠬᠦ ᠳᠤ ᠮᠡᠷᠭᠡᠵᠢᠯ ᠤᠨ ᠪᠠᠲᠤᠯᠠᠭ᠎ᠠ ᠤᠯᠭᠤᠬᠤ ᠪᠤᠯᠤᠨ᠎ᠠ᠃      ᠳᠤᠮᠳᠠᠳᠤ ᠤᠯᠤᠰ ᠤᠨ ᠬᠡᠮᠵᠢᠯᠲᠡ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠤᠨ ᠳᠠᠷᠤᠭ᠎ᠠ ᠹᠠᠩ ᠰᠢᠶᠠᠩ ᠭᠠᠷ ᠤᠨ ᠦᠰᠦᠭ ᠵᠢᠷᠤᠬᠤ ᠶᠣᠰᠣᠯᠠᠯ ᠳᠡᠭᠡᠷ᠎ᠡ ᠬᠡᠯᠡᠭᠰᠡᠨ ᠨᠢ᠂ ᠥᠪᠥᠷ ᠮᠤᠩᠭᠤᠯ ᠳᠤ ᠰᠤᠩᠭᠤᠯᠲᠠ ᠬᠢᠭᠰᠡᠨ ᠨᠢ ᠬᠤᠶᠠᠷ ᠲᠠᠯ᠎ᠠ ᠪᠠᠷ ᠪᠤᠳᠤᠯᠬᠢᠯᠠᠪᠠ᠄ ᠨᠢᠭᠡ ᠳᠤ ᠤᠯᠤᠰ ᠣᠷᠣᠨ ᠤ ᠪᠠᠶᠢᠯᠳᠤᠬᠤ ᠪᠤᠳᠤᠯᠭ᠎ᠠ ᠶᠢᠨ ᠬᠡᠷᠡᠭᠴᠡᠭᠡ ᠪᠤᠯᠤᠨ᠎ᠠ᠂ ᠬᠤᠶᠠᠷ ᠲᠤ ᠥᠪᠥᠷ ᠮᠣᠩᠭᠤᠯ ᠤᠨ ᠠᠵᠤ ᠠᠬᠤᠶ ᠶᠢᠨ ᠬᠥᠭᠵᠢᠯᠲᠡ ᠳᠤ ᠲᠦᠰᠢᠭ ᠲᠤᠯᠭᠠᠭᠤᠷᠢ ᠶᠢᠨ ᠦᠢᠯᠡᠴᠢᠯᠡᠭᠡ ᠬᠠᠩᠭᠠᠬᠤ ᠪᠤᠯᠤᠨ᠎ᠠ᠃ ᠲᠡᠷᠡ ᠵᠢᠭᠠᠵᠤ ᠭᠠᠷᠭᠠᠭᠰᠠᠨ ᠨᠢ᠂ ᠬᠡᠮᠵᠢᠯᠲᠡ ᠶᠢᠨ ᠴᠢᠳᠠᠪᠤᠷᠢ ᠨᠢ ᠨᠢᠭᠡ ᠤᠯᠤᠰ ᠤᠨ ᠠᠵᠤ ᠠᠬᠤᠶ ᠶᠢᠨ ᠴᠢᠳᠠᠪᠤᠷᠢ ᠲᠠᠢ ᠨᠢᠭᠲᠠ ᠬᠤᠯᠪᠣᠭ᠎ᠠ ᠲᠠᠢ ᠶᠤᠮ᠃ ᠨᠢᠭᠡ ᠤᠯᠤᠰ ᠤᠨ ᠠᠵᠤ ᠠᠬᠤᠶ ᠬᠥᠭᠵᠢᠭᠡᠳ ᠵᠣᠬᠢᠬᠤ ᠱᠠᠲᠤᠨ ᠳᠤ ᠬᠥᠷᠪᠡᠯ᠂ ᠬᠡᠮᠵᠢᠯᠲᠡ ᠶᠢᠨ ᠰᠠᠭᠤᠷᠢ ᠶᠢ ᠵᠣᠬᠢᠴᠠᠩᠭᠤᠶ ᠳᠡᠭᠡᠭᠰᠢᠯᠡᠭᠦᠯᠬᠦ ᠶᠢ ᠱᠠᠭᠠᠷᠳᠠᠳᠠᠭ᠃ ᠤᠶᠢᠷ᠎ᠠ ᠶᠢᠨ ᠵᠢᠯ ᠳᠤ ᠥᠪᠥᠷ ᠮᠣᠩᠭᠤᠯ ᠤᠨ ᠠᠵᠤ ᠠᠬᠤᠶ ᠮᠠᠰᠢ ᠰᠠᠶᠢᠨ ᠬᠦᠭᠵᠢᠵᠡᠢ᠃ ᠬᠤᠪᠢᠶᠠᠷᠢ ᠬᠦᠷᠢᠶᠡᠯᠡᠩ ᠪᠠᠶᠢᠭᠤᠯᠬᠤ ᠡᠬᠢᠨ ᠤ ᠱᠠᠲᠤᠨ ᠳᠤ ᠥᠪᠥᠷ ᠮᠣᠩᠭᠤᠯ ᠤᠨ ᠳᠠᠪᠠᠭᠤᠯᠢᠭ ᠠᠵᠤ ᠦᠢᠯᠡᠰ — ᠡᠨᠧᠷᠭᠢ ᠶᠢᠨ ᠠᠵᠤ ᠦᠢᠯᠡᠰ ᠤᠨ ᠰᠠᠭᠤᠷᠢ ᠪᠡᠯᠡᠳᠬᠡᠮᠵᠢ ᠶᠢᠨ ᠪᠦᠳᠤᠭᠡᠨ ᠪᠠᠶᠢᠭᠤᠯᠤᠯᠲᠠ ᠲᠠᠢ ᠤᠶᠠᠯᠳᠤᠭᠤᠯᠬᠤ ᠶᠢᠨ ᠬᠠᠮᠲᠤ ᠡᠨᠧᠷᠭᠢ ᠶᠢᠨ ᠠᠵᠤ ᠦᠢᠯᠡᠰ ᠲᠤ ᠭᠤᠤᠯ ᠦᠢᠯᠡᠴᠢᠯᠡᠬᠦ ᠬᠡᠢ ᠪᠡᠶᠡᠲᠦ ᠪᠠᠷᠢᠮᠵᠢᠶᠠᠲᠤ ᠪᠤᠳᠠᠰ ᠤᠨ ᠲᠦᠪ ᠢ ᠲᠦᠯᠦᠪᠯᠡᠨ ᠪᠠᠶᠢᠭᠤᠯᠤᠨ᠎ᠠ᠃ ᠬᠤᠪᠢᠶᠠᠷᠢ ᠬᠦᠷᠢᠶᠡᠯᠡᠩ ᠢ ᠪᠠᠶᠢᠭᠤᠯᠬᠤ ᠎ ᠨᠢ ᠵᠥᠪᠬᠡᠨ ᠥᠪᠥᠷ ᠮᠣᠩᠭᠤᠯ ᠣᠷᠣᠨ ᠳᠤ ᠦᠢᠯᠡᠴᠢᠯᠡᠬᠦ ᠪᠢᠰᠢ ᠶᠤᠮ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠤᠷᠤᠨ ᠢᠶᠠᠷ ᠰᠠᠭᠤᠷᠢᠨ ᠭᠠᠵᠠᠷ ᠪᠣᠯᠭᠠᠵᠤ᠂ ︽ᠨᠢᠭᠡ ᠪᠦᠰᠡ ᠨᠢᠭᠡ ᠵᠠᠮ︾᠎ ᠢ ᠲᠠᠭᠠᠨ ᠨᠡᠩ ᠰᠠᠶᠢᠲᠤᠷ ᠭᠠᠷᠴᠤ ᠶᠠᠪᠤᠬᠤ ᠶᠢ ᠬᠦᠰᠡᠵᠦ ᠪᠠᠶᠢᠨ᠎ᠠ᠃ ᠬᠤᠵᠢᠮ ᠥᠪᠥᠷ ᠮᠤᠩᠭᠤᠯ ᠳᠤ ᠰᠠᠭᠤᠷᠢᠯᠠᠨ᠂ ᠮᠣᠩᠭᠤᠯ ᠤᠯᠤᠰ ᠤᠨ ᠤᠯᠤᠰ ᠤᠨ ᠬᠡᠮᠵᠢᠯᠲᠡ ᠶᠢᠨ ᠬᠦᠷᠢᠶᠡᠯᠡᠩ ᠢ ᠲᠤᠰᠠᠯᠠᠨ ᠪᠠᠶᠢᠭᠤᠯᠬᠤ ᠲᠦᠷᠦᠯ ᠵᠦᠢᠯ ᠢ ᠦᠷᠨᠢᠭᠦᠯᠬᠦ ᠪᠤᠯᠤᠨ᠎ᠠ᠃ ᠣᠳᠣᠬᠠᠨ ᠳᠤ ᠨᠢᠭᠡᠨᠲᠡ ᠮᠠᠰᠢ ᠰᠠᠶᠢᠨ ᠰᠠᠭᠤᠷᠢ ᠲᠠᠢ ᠪᠤᠯᠵᠠᠢ᠃ ᠲᠠᠷᠠᠭᠠᠴᠢ ᠶᠢᠨ ᠠᠯᠬᠤᠮ ᠳᠤ ᠮᠣᠩᠭᠤᠯ ᠤᠯᠤᠰ ᠤᠨ ᠬᠡᠮᠵᠢᠯᠲᠡ ᠶᠢᠨ ᠬᠦᠷᠢᠶᠡᠯᠡᠩ ᠲᠠᠢ ᠬᠠᠮᠲᠤᠷᠠᠨ ᠠᠵᠢᠯᠯᠠᠬᠤ ᠪᠠᠷ ᠳᠠᠮᠵᠢᠭᠤᠯᠤᠨ᠂ ᠰᠠᠭᠤᠷᠢ ᠪᠡᠯᠡᠳᠬᠡᠮᠵᠢ ᠶᠢ ᠬᠠᠮᠲᠤ ᠪᠠᠷ ᠪᠠᠶᠢᠭᠤᠯᠬᠤ ᠶᠢ ᠰᠠᠶᠢᠲᠤᠷ ᠠᠬᠢᠭᠤᠯᠵᠤ ᠪᠤᠯᠤᠨ᠎ᠠ᠃ ᠤᠴᠢᠷ ᠨᠢ ᠰᠠᠭᠤᠷᠢ ᠲᠥᠬᠦᠭᠡᠷᠦᠮᠵᠢ ᠬᠡᠮᠵᠢᠯᠲᠡ ᠶᠢᠨ ᠴᠢᠬᠤᠯᠠ ᠦᠢᠯᠡᠳᠦᠯ ᠠᠴᠠ ᠰᠠᠯᠵᠤ ᠴᠢᠳᠠᠬᠤ ᠦᠭᠡᠢ ᠶᠤᠮ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号