ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠣᠷᠳᠣᠨ ᠤ 2017 ᠣᠨ ᠤ 8 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2017/5/18
      5 ᠳ᠋ᠤᠭᠠᠷ ᠰᠠᠷ᠎ᠠ ᠶᠢᠨ 17᠎ ᠤ ᠡᠳᠦᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠦᠪᠡᠷᠳᠡᠭᠡᠨ ᠵᠠᠰᠠᠬᠤ ᠤᠷᠤᠨ ᠤ ︽13·5︾᠎ ᠶᠢᠨ ᠬᠤᠭᠤᠴᠠᠭᠠᠨ ᠤ ᠰᠤᠶᠤᠯ ᠤᠨ ᠬᠦᠭᠵᠢᠯᠳᠡ ᠦᠭᠡᠷᠡᠴᠢᠯᠡᠯᠳᠡ ᠶᠢᠨ ᠲᠦᠯᠦᠪᠵᠢᠭᠦᠯᠭᠡ ᠶᠢᠨ ᠬᠦᠳᠦᠯᠪᠤᠷᠢ᠂ ᠦᠪᠡᠷᠳᠡᠭᠡᠨ ᠵᠠᠰᠠᠬᠤ ᠤᠷᠤᠨ ᠤ ᠴᠢᠳᠠᠪᠤᠷᠢᠳᠠᠨ ᠢ ᠤᠷᠤᠭᠤᠯᠤᠨ ᠠᠪᠴᠢᠷᠠᠬᠤ ᠪᠠ ᠳᠤᠬᠢᠷᠠᠭᠤᠯᠵᠦ ᠰᠢᠯᠵᠢᠭᠦᠯᠬᠦ ᠲᠤᠬᠠᠢ ᠬᠡᠷᠡᠭᠵᠢᠭᠦᠯᠭᠦ ᠠᠷᠭ᠎ᠠ᠂ ᠰᠢᠨ᠎ᠠ ᠪᠠᠶᠢᠳᠠᠯ ᠲᠤᠤᠷᠠᠬᠢ ᠬᠠᠷᠠᠭᠠᠯᠵᠠᠨ ᠲᠦᠪᠬᠢᠨᠡᠭᠦᠯᠭᠦ ᠠᠵᠢᠯ ᠢ ᠴᠢᠩᠭᠠᠳᠬᠠᠬᠤ ᠬᠡᠷᠡᠭᠵᠢᠭᠦᠯᠭᠦ ᠰᠠᠨᠠᠯ ᠵᠡᠷᠭᠡ ᠵᠦᠢᠯᠡᠰ ᠢ ᠰᠤᠳᠤᠯᠵᠤ᠂ ᠮᠠᠨ ᠤ ᠤᠷᠤᠨ ᠤ ᠤᠳᠤᠬᠠᠨ ᠤ ᠠᠵᠤ ᠠᠬᠤᠢ ᠶᠢᠨ ᠡᠷᠬᠢᠯᠳᠡ ᠶᠢᠨ ᠪᠠᠶᠢᠳᠠᠯ ᠢ ᠵᠠᠳᠠᠯᠪᠠ᠃      ᠬᠤᠷᠠᠯ ᠠᠴᠠ ᠵᠢᠭᠠᠵᠤ ᠭᠠᠷᠭᠠᠬᠰᠠᠨ ᠨᠢ᠂ ᠰᠤᠶᠤᠯ ᠤᠨ ᠪᠠᠶᠢᠭᠤᠯᠤᠯᠳᠠ ᠪᠤᠯ ︽ᠲᠠᠪᠤ ᠶᠢ ᠨᠢᠭᠡ ᠴᠤᠬᠴᠠᠵᠢᠭᠤᠯᠬᠤ︾ ᠶᠡᠷᠦᠩᠬᠡᠢ ᠪᠠᠶᠢᠷᠢᠰᠢᠭᠤᠯᠤᠯᠳᠠ ᠪᠠ ︽ᠲᠦᠷᠪᠡᠨ ᠢᠳᠡᠭᠡᠯ︾᠎ ᠤᠨ ᠴᠢᠬᠤᠯᠠ ᠪᠦᠷᠢᠯᠳᠦᠭᠦᠨ ᠬᠡᠰᠡᠭ ᠪᠤᠯᠤᠨ᠎ᠠ᠂ ᠨᠡᠶᠢᠭᠡᠮ ᠵᠢᠷᠤᠮ ᠤᠨ ᠭᠤᠤᠯᠯᠠᠬᠴᠢ ᠦᠷᠳᠡᠭ ᠤᠨ ᠦᠵᠡᠯᠳᠡ ᠶᠢ ᠪᠠᠳᠠᠷᠠᠭᠤᠯᠬᠤ᠂ ᠪᠦᠬᠦ ᠠᠷᠠᠳ ᠎ ᠤᠨ ᠰᠤᠶᠤᠯ ᠤᠨ ᠬᠡᠪ ᠪᠤᠯᠪᠠᠰᠤᠷᠠᠯ ᠪᠠ ᠨᠡᠶᠢᠭᠡᠮ ᠤᠨ ᠪᠣᠯᠪᠠᠰᠤᠨ ᠤ ᠳᠦᠪᠰᠢᠨ ᠢ ᠲᠡᠭᠡᠭᠰᠢᠯᠡᠭᠦᠯᠭᠦ ᠵᠠᠩᠬᠢᠯᠠᠭ᠎ᠠ ᠶᠢᠨ ᠠᠷᠭ᠎ᠠ ᠬᠡᠮᠵᠢᠶ᠎ᠠ ᠪᠤᠯᠤᠨ᠎ᠠ᠃ ᠡᠯ᠎ᠠ ᠭᠠᠵᠠᠷ ᠤᠷᠤᠨ᠂ ᠡᠯ᠎ᠠ ᠰᠠᠯᠠᠭ᠎ᠠ ᠮᠦᠴᠢᠷ ᠤᠨ ᠬᠢᠨ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠪᠠ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠰᠤᠶᠤᠯ ᠤᠨ ᠬᠦᠭᠵᠢᠯᠳᠡ ᠦᠭᠡᠷᠡᠴᠢᠯᠡᠯᠳᠡ ᠶᠢᠨ ᠲᠤᠬᠠᠢ ᠰᠢᠢᠳᠪᠦᠷᠢᠳᠦ ᠪᠤᠳᠤᠯᠭ᠎ᠠ ᠪᠠᠶᠢᠷᠢᠯᠠᠭᠤᠯᠤᠯᠳᠠ ᠶᠢ ᠬᠦᠨᠵᠡᠭᠡᠢ ᠲᠤᠤᠱᠯᠠᠭᠤᠯᠵᠤ᠂ ᠨᠡᠶᠢᠭᠡᠮ ᠵᠢᠷᠤᠮ ᠤᠨ ᠲᠡᠷᠢᠭᠦᠨ ᠤ ᠰᠤᠶᠤᠯ ᠤᠨ ᠤᠷᠤᠬᠰᠢᠯᠠᠯᠳᠠ ᠶᠢᠨ ᠴᠢᠭᠯᠡᠯ ᠪᠠ ᠰᠤᠶᠤᠯ ᠤᠨ ᠭᠦᠭᠵᠢᠯᠳᠡ ᠦᠭᠡᠷᠡᠴᠢᠯᠡᠯᠳᠡ ᠶᠢᠨ ᠱᠠᠭᠠᠷᠳᠠᠯᠭ᠎ᠠ ᠶᠢ ᠪᠠᠳᠤ ᠡᠵᠡᠮᠳᠡᠵᠤ᠂ ᠰᠤᠶᠤᠯ ᠤᠨ ᠦᠢᠯᠡᠰ ᠪᠠ ᠰᠤᠶᠤᠯ ᠤᠨ ᠠᠵᠤ ᠦᠢᠯᠡᠰ ᠤᠨ ᠬᠦᠭᠵᠢᠯᠳᠡ ᠶᠢ ᠲᠦᠷᠭᠡᠳᠭᠡᠵᠤ᠂ ᠮᠠᠨ ᠤ ᠤᠷᠤᠨ ᠤ ᠰᠤᠶᠤᠯ ᠤᠨ ᠵᠦᠭᠡᠯᠡᠨ ᠪᠤᠳᠠᠳᠤ ᠬᠦᠴᠦᠨ ᠢ ᠲᠠᠰᠤᠷᠠᠯᠲᠠ ᠦᠭᠡᠢ ᠴᠢᠩᠭᠠᠷᠠᠭᠤᠯᠬᠤ ᠬᠡᠷᠡᠭᠳᠡᠢ ᠬᠡᠪᠡ᠃      ᠬᠤᠷᠠᠯ ᠠᠴᠠ ᠦᠵᠡᠭᠰᠡᠨ ᠨᠢ᠂ ᠴᠢᠳᠠᠪᠤᠷᠢᠳᠠᠨ ᠢ ᠤᠷᠤᠭᠤᠯᠣᠨ ᠠᠪᠴᠢᠷᠠᠬᠤ ᠪᠠ ᠳᠤᠬᠢᠷᠠᠭᠤᠯᠵᠦ ᠰᠢᠯᠵᠢᠭᠦᠯᠬᠦ ᠲᠤᠬᠳᠠᠴᠠ ᠶᠢ ᠲᠡᠭᠦᠯᠳᠡᠷᠵᠢᠭᠦᠯᠭᠦ ᠪᠤᠯ ᠴᠢᠳᠠᠪᠤᠷᠢᠳᠠᠨ ᠤ ᠬᠦᠭᠵᠢᠯᠳᠡ ᠶᠢᠨ ᠪᠠᠶᠢᠭᠤᠯᠤᠮᠵᠢ ᠲᠤᠬᠳᠠᠴᠠ ᠶᠢᠨ ᠦᠭᠡᠷᠡᠴᠢᠯᠡᠯᠳᠡ ᠶᠢᠨ ᠴᠢᠬᠤᠯᠠ ᠠᠭᠤᠯᠭ᠎ᠠ ᠪᠤᠯᠤᠨ᠎ᠠ᠃ ᠡᠯ᠎ᠠ ᠭᠠᠵᠠᠷ ᠤᠷᠤᠨ᠂ ᠡᠯ᠎ᠠ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠢᠨ ᠴᠢᠩᠭ᠎ᠠ ᠳᠣᠯᠭᠠᠮ᠎ᠠ ᠴᠢᠳᠠᠪᠤᠷᠢᠳᠠᠨ ᠤ ᠤᠬᠠᠮᠰᠠᠷ ᠢ ᠪᠤᠢ ᠪᠤᠯᠭᠠᠵᠤ᠂ ᠴᠢᠳᠠᠪᠤᠷᠢᠳᠠᠨ ᠤ ᠬᠠᠮᠢᠶᠠᠷᠤᠯᠳᠠ ᠶᠢᠨ ᠰᠢᠨᠵᠢᠯᠡᠭᠦ ᠤᠬᠠᠭᠠᠨᠴᠢ ᠦᠢᠯᠡᠴᠢᠯᠡᠭᠡ ᠶᠢᠨ ᠰᠢᠰᠲ᠋ᠧᠮᠵᠢ ᠶᠢ ᠪᠠᠶᠢᠭᠤᠯᠵᠤ᠂ ᠴᠢᠳᠠᠪᠤᠷᠢᠳᠠᠨ ᠤ ᠰᠢᠨ᠎ᠠ ᠶᠢ ᠡᠭᠦᠳᠭᠦ ᠪᠠ ᠡᠭᠦᠳᠦᠨ ᠪᠦᠳᠦᠭᠡᠭᠦ ᠠᠮᠢᠵᠢᠷᠠᠯ ᠤᠨ ᠬᠦᠴᠦᠨ ᠢ ᠪᠦᠳᠦᠮᠵᠢᠳᠡᠢ ᠬᠦᠭᠵᠢᠭᠡᠨ ᠪᠠᠳᠠᠷᠠᠭᠤᠯᠬᠤ ᠬᠡᠷᠡᠭᠳᠡᠢ᠃ ᠲᠦᠷᠦ ᠶᠢᠨ ᠪᠤᠳᠤᠯᠭ᠎ᠠ ᠶᠢᠨ ᠲᠠᠶᠢᠯᠤᠮᠵᠢ ᠪᠠ ᠤᠬᠠᠭᠤᠯᠭ᠎ᠠ ᠵᠢᠯᠤᠭᠤᠳᠤᠯᠭ᠎ᠠ ᠪᠠᠨ ᠴᠢᠩᠭᠠᠳᠬᠠᠵᠤ᠂ ᠪᠦᠬᠦ ᠨᠡᠶᠢᠭᠡᠮ ᠢᠶᠠᠷ ᠢᠶᠠᠨ ᠴᠢᠳᠠᠪᠤᠷᠢᠳᠠᠨ ᠢ ᠬᠦᠨᠳᠦᠳᠭᠡᠭᠦ᠂ ᠴᠢᠳᠠᠪᠤᠷᠢᠳᠠᠨ ᠎ ᠢ ᠴᠢᠬᠤᠯᠠᠴᠢᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠬᠤ ᠬᠡᠷᠡᠭᠳᠡᠢ ᠬᠡᠵᠡᠢ᠃      ᠬᠤᠷᠠᠯ ᠠᠴᠠ ᠵᠢᠭᠠᠵᠤ ᠭᠠᠷᠭᠠᠬᠰᠠᠨ ᠨᠢ᠂ ᠬᠠᠷᠠᠭᠠᠯᠵᠠᠨ ᠲᠦᠪᠬᠢᠨᠡᠭᠦᠯᠭᠦ ᠪᠤᠯ ᠤᠯᠤᠰ ᠤᠨ ᠪᠠᠳᠤᠯᠠᠨ ᠬᠠᠮᠠᠭᠠᠯᠠᠯᠳᠠ ᠪᠠ ᠴᠡᠷᠢᠭ ᠠᠩᠬᠢ ᠶᠢᠨ ᠪᠦᠳᠦᠭᠡᠨ ᠪᠠᠶᠢᠭᠤᠯᠤᠯᠳᠠ ᠶᠢᠨ ᠴᠢᠬᠤᠯᠠ ᠪᠦᠷᠢᠯᠳᠦᠭᠦᠨ ᠬᠡᠰᠡᠭ ᠪᠦᠭᠡᠳ ᠤᠯᠤᠰ ᠤᠨ ᠪᠠᠳᠤᠯᠠᠨ ᠬᠠᠮᠠᠭᠠᠯᠠᠯᠳᠠ ᠶᠢ ᠪᠠᠬᠢᠵᠢᠭᠦᠯᠭᠦ ᠴᠢᠬᠤᠯᠠ ᠠᠷᠭ᠎ᠠ ᠬᠡᠮᠵᠢᠶ᠎ᠠ ᠪᠤᠯᠤᠨ᠎ᠠ᠃ ᠡᠯ᠎ᠠ ᠭᠠᠵᠠᠷ ᠤᠷᠤᠨ ᠂ ᠡᠯ᠎ᠠ ᠰᠠᠯᠠᠭ᠎ᠠ ᠮᠦᠴᠢᠷ ᠤᠨ ᠬᠢᠨ ᠬᠠᠤᠯᠢᠵᠢᠯ ᠤᠨ ᠤᠬᠠᠮᠰᠠᠷ᠂ ᠰᠢᠨ᠎ᠡ ᠶᠢ ᠡᠭᠦᠳᠭᠦ ᠤᠬᠠᠮᠰᠠᠷ᠂ ᠦᠢᠯᠡᠴᠢᠯᠡᠭᠦ ᠤᠬᠠᠮᠰᠠᠷ ᠢᠶᠠᠨ ᠴᠢᠨᠠᠬᠰᠢᠳᠠ ᠴᠢᠩᠭᠠᠳᠬᠠᠵᠤ᠂ ᠴᠡᠷᠢᠭ ᠢᠶᠠᠨ ᠬᠦᠷᠢᠶᠡᠯᠡᠵᠦ ᠬᠠᠷᠠᠭᠠᠯᠵᠠᠨ ᠲᠦᠪᠬᠢᠨᠡᠭᠦᠯᠭᠦ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠡᠶᠢᠳᠡᠪᠦᠷᠢᠵᠢᠭᠤᠯᠤᠨ᠂ ᠨᠡᠶᠢᠭᠡᠮ ᠤᠨ ᠡᠯ᠎ᠠ ᠲᠠᠯ᠎ᠠ ᠶᠢᠨ ᠬᠦᠴᠦᠨ ᠢ ᠲᠠᠶᠢᠴᠢᠯᠡᠵᠤ᠂ ᠴᠡᠷᠢᠭ ᠠᠩᠬᠢ ᠶᠢᠨ ᠲᠠᠷᠤᠭ᠎ᠠ ᠪᠠᠶᠢᠯᠳᠤᠬᠴᠢᠳ ᠵᠢᠴᠢ ᠲᠡᠳᠡᠨ ᠤ ᠬᠡᠷ ᠪᠦᠯᠢ ᠶᠢ ᠨᠢ ᠬᠠᠪᠰᠤᠷᠤᠨ ᠪᠤᠳᠠᠳᠤ ᠬᠦᠴᠢᠷᠳᠡᠯ ᠢ ᠨᠢ ᠰᠢᠢᠳᠪᠦᠷᠢᠯᠡᠨ ᠦᠭᠴᠦ᠂ ᠬᠠᠷᠠᠭᠠᠯᠵᠠᠨ ᠲᠦᠪᠬᠢᠨᠡᠭᠦᠯᠭᠦ ᠡᠳᠡᠭᠡᠳ ᠤᠨ ᠬᠠᠤᠯᠢ ᠶᠤᠰᠤᠨ ᠎ ᠤ ᠡᠷᠭᠡ ᠠᠰᠢᠭ ᠢ ᠨᠡᠩ ᠰᠠᠶᠢᠳᠤᠷ ᠪᠠᠳᠤᠯᠠᠬᠤ ᠬᠡᠷᠡᠭᠳᠡᠢ ᠬᠡᠵᠡᠢ᠃      ᠬᠤᠷᠠᠯ ᠠᠴᠠ ᠴᠢᠬᠤᠯᠠᠴᠢᠯᠠᠬᠰᠠᠨ ᠨᠢ᠂ ᠮᠠᠨ ᠤ ᠤᠷᠤᠨ ᠤ ᠤᠳᠤᠬᠠᠨ ᠤ ᠠᠵᠤ ᠠᠬᠤᠢ ᠶᠢᠨ ᠡᠷᠬᠢᠯᠳᠡ ᠲᠤᠬᠳᠠᠭᠤᠨ ᠤ ᠲᠤᠮᠳᠠ ᠤᠷᠤᠬᠰᠢᠯᠠᠨ ᠳᠠᠪᠰᠢᠬᠤ᠂ ᠲᠤᠬᠳᠠᠭᠤᠨ ᠤ ᠲᠤᠮᠳᠠ ᠰᠠᠶᠢᠵᠢᠷᠠᠬᠤ ᠬᠠᠨᠳᠤᠰᠢ ᠪᠠᠨ ᠦᠷᠭᠦᠯᠵᠢᠡᠯᠨ ᠪᠠᠳᠣᠯᠠᠵᠤ ᠪᠤᠢ᠂ ᠬᠡᠪᠡᠴᠤ ᠬᠦᠭᠵᠢᠯᠳᠡ ᠳᠤ ᠲᠤᠯᠭᠠᠷᠠᠵᠤ ᠪᠠᠶᠢᠭ᠎ᠠ ᠲᠤᠳᠤᠭᠠᠳᠦ ᠭᠠᠳᠠᠭᠠᠳᠦ ᠶᠢᠨ ᠤᠷᠴᠢᠨ ᠳᠣᠭᠤᠷᠢᠨ ᠮᠦᠨ ᠭᠦ ᠲᠦᠪᠡᠭ ᠪᠤᠳᠤᠯᠢᠶᠠᠨᠳᠠᠢ ᠪᠠᠶᠢᠨ᠎ᠠ᠃ ᠠᠰᠠᠭᠤᠳᠠᠯ ᠤᠨ ᠤᠳᠤᠷᠢᠳᠤᠮᠵᠢ ᠶᠢ ᠴᠢᠩᠭᠠᠷᠠᠭᠤᠯᠵᠤ᠂ ᠪᠠᠶᠢᠴᠠᠭᠠᠨ ᠰᠤᠳᠤᠯᠣᠯᠳᠠ ᠪᠠ ᠵᠠᠳᠠᠯᠣᠯᠳᠠ ᠲᠦᠰᠦᠭᠡᠯᠡᠯᠳᠡ ᠪᠠᠨ ᠴᠢᠩᠭᠠᠳᠬᠠᠵᠤ᠂ ᠨᠠᠮ ᠤᠨ ᠲᠦᠪ ᠬᠤᠷᠢᠶ᠎ᠠ ᠶᠢᠨ ᠴᠢᠭᠯᠡᠯᠳᠡ ᠲᠦᠷᠦ ᠶᠢᠨ ᠪᠤᠳᠤᠯᠭ᠎ᠠ ᠶᠢ ᠬᠡᠷᠡᠭᠵᠢᠭᠦᠯᠭᠦ ᠴᠢᠳᠠᠪᠤᠷᠢ ᠪᠤᠯᠤᠨ ᠲᠦᠪᠰᠢᠨ ᠢᠶᠠᠨ ᠴᠢᠷᠮᠠᠶᠢᠨ ᠲᠡᠭᠡᠭᠰᠢᠯᠡᠭᠦᠯᠬᠦ ᠬᠡᠷᠡᠭᠳᠡᠢ᠃ ᠨᠢᠭᠡᠳᠦᠯᠳᠡᠢ ᠲᠦᠯᠦᠪᠵᠢᠭᠦᠯᠭᠦ ᠶᠢ ᠰᠠᠶᠢᠳᠤᠷ ᠠᠳᠬᠤᠵᠤ᠂ ᠨᠡᠶᠢᠳᠡᠪᠦᠷᠢᠵᠢᠭᠤᠯᠤᠯᠳᠠ ᠶᠢ ᠴᠢᠩᠭᠠᠷᠠᠭᠤᠯᠤᠨ᠂ ᠦᠨᠡᠨᠭᠦ ᠠᠳᠬᠤᠨ ᠪᠤᠳᠠᠳᠠᠢ ᠠᠵᠢᠯᠯᠠᠵᠤ᠂ ᠨᠠᠮ ᠤᠨ ᠲᠦᠪ ᠬᠤᠷᠢᠶ᠎ᠠ ᠪᠠ ᠦᠪᠡᠷᠳᠡᠭᠡᠨ ᠵᠠᠰᠠᠬᠤ ᠤᠷᠤᠨ ᠤ ᠰᠢᠢᠳᠪᠦᠷᠢᠳᠦ ᠪᠤᠳᠤᠯᠭ᠎ᠠ ᠪᠠᠶᠢᠷᠢᠯᠠᠭᠤᠯᠤᠯᠳᠠ ᠶᠢ ᠪᠤᠳᠠᠳᠠᠢ ᠳᠤ ᠨᠡᠶᠢᠳᠡᠪᠦᠷᠢᠵᠢᠭᠤᠯᠵᠤ᠂ ᠦᠷ᠎ᠡ ᠪᠦᠳᠦᠮᠵᠢ ᠤᠯᠬᠤ ᠶᠢ ᠪᠠᠳᠤᠯᠠᠬᠤ ᠬᠡᠷᠡᠭᠳᠡᠢ᠃ ︽ᠪᠠᠭᠤᠯᠭᠠᠬᠤ ᠬᠠᠮᠢᠶᠠᠷᠬᠤ ᠦᠢᠯᠡᠴᠢᠯᠡᠭᠦ︾ ᠦᠭᠡᠷᠡᠴᠢᠯᠡᠯᠳᠡ ᠪᠠ ᠬᠠᠤᠯᠢᠵᠢᠯ ᠤᠨ ᠵᠠᠰᠠᠭ ᠤᠨ ᠤᠷᠳᠤᠨ ᠤ ᠪᠠᠶᠢᠭᠤᠯᠤᠯᠳᠠ ᠶᠢ ᠦᠨᠡᠨᠭᠦ ᠠᠬᠢᠭᠤᠯᠵᠤ᠂ ᠬᠦᠭᠵᠢᠯᠳᠡ ᠶᠢᠨ ᠤᠷᠴᠢᠨ ᠲᠤᠭᠤᠷᠢᠨ ᠢ ᠲᠠᠰᠤᠷᠠᠯᠳᠠ ᠦᠭᠡᠢ ᠰᠢᠯᠢᠳᠡᠭᠵᠢᠭᠦᠯᠦᠨ᠂ ᠬᠦᠭᠵᠢᠯᠳᠡ ᠶᠢᠨ ᠠᠮᠢᠵᠢᠷᠠᠯ ᠤᠨ ᠬᠦᠴᠦᠨ ᠢ ᠬᠦᠭᠵᠢᠭᠡᠭᠦ ᠬᠡᠷᠡᠭᠳᠡᠢ᠃ ᠵᠠᠰᠠᠭ ᠤᠨ ᠤᠷᠳᠤᠨ ᠤ ᠦᠷᠢ ᠦᠭᠴᠡᠭᠡ ᠶᠢᠨ ᠬᠠᠮᠢᠶᠠᠷᠤᠯᠳᠠ ᠶᠢ ᠦᠨᠡᠨᠬᠦ ᠴᠢᠩᠭᠠᠳᠬᠠᠵᠤ᠂ ᠮᠦᠩᠭᠦᠨ ᠬᠦᠢᠯᠭᠡᠭᠡᠨ ᠤ ᠲᠦᠭᠰᠢᠭᠦᠷᠢ ᠶᠢ ᠰᠡᠷᠬᠡᠶᠢᠯᠡᠨ ᠨᠠᠮᠳᠠᠭᠤᠯᠬᠤ ᠬᠡᠷᠡᠭᠳᠡᠢ ᠬᠡᠵᠡᠢ᠃      ᠬᠤᠷᠠᠯ ᠠᠴᠠ ᠪᠠᠰᠠ ᠨᠡᠭᠡᠭᠡᠯᠳᠡ ᠶᠢᠨ ᠬᠡᠯᠪᠡᠷᠢ ᠶᠢᠨ ᠠᠵᠤ ᠠᠬᠤᠢ ᠶᠢᠨ ᠰᠢᠨ᠎ᠠ ᠪᠠᠶᠢᠭᠤᠯᠤᠮᠵᠢ ᠶᠢ ᠪᠠᠶᠢᠭᠤᠯᠬᠤ ᠲᠤᠬᠠᠢ ᠬᠡᠷᠡᠭᠵᠢᠭᠦᠯᠭᠦ ᠰᠠᠨᠠᠯ ᠪᠠ ᠮᠠᠯᠵᠢᠬᠤ ᠲᠠᠷᠢᠶᠠᠯᠠᠬᠤ ᠤᠷᠤᠨ ᠤ ᠦᠨᠳᠦᠷ ᠬᠦᠦ ᠲᠠᠢ ᠵᠢᠭᠡᠯᠡᠯᠭᠡ ᠶᠢ ᠶᠡᠷᠦᠩᠬᠡᠶᠢᠯᠡᠨ ᠵᠠᠰᠠᠬᠤ ᠰᠠᠨᠠᠯ ᠤᠳ ᠢ ᠰᠤᠳᠤᠯᠵᠤ᠂ ᠦᠪᠡᠷᠳᠡᠭᠡᠨ ᠵᠠᠰᠠᠬᠤ ᠤᠷᠤᠨ ᠤ ᠤᠯᠠᠨ ᠨᠡᠶᠢᠳᠡ ᠶᠢᠨ ᠠᠮᠤᠷ ᠲᠦᠪᠰᠢᠨ ᠢ ᠮᠡᠷᠭᠡᠵᠢᠯ ᠢᠶᠠᠷ ᠰᠡᠷᠬᠡᠶᠢᠯᠡᠬᠦ ᠬᠠᠮᠢᠶᠠᠷᠣᠯᠳᠠ ᠶᠢᠨ ᠲᠦᠷᠢᠮ ᠤᠨ ᠵᠠᠰᠠᠪᠤᠷᠢ ᠤᠷᠤᠭᠤᠯᠣᠭᠰᠠᠨ ᠨᠣᠣᠷᠠᠭ ︵ᠲᠦᠰᠦᠯ︶᠂ ︽ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠬᠦᠳᠡᠯᠮᠤᠷᠢ ᠶᠢᠨ ᠵᠢᠭᠤᠷᠠᠭᠠᠨ ᠢ ᠰᠢᠢᠳᠪᠦᠷᠢᠯᠡᠭᠦ ᠠᠷᠭ᠎ᠠ︾ ᠵᠡᠷᠭᠡ ᠵᠠᠰᠠᠭ ᠤᠨ ᠤᠷᠳᠤᠨ ᠤ ᠲᠦᠷᠢᠮ ᠲᠤᠬᠳᠠᠭᠠᠯ ᠢ ᠬᠦᠴᠦᠨ ᠦᠭᠡᠢ ᠪᠤᠯᠭᠠᠬᠤ ᠲᠤᠬᠠᠢ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠲᠤᠬᠳᠠᠭᠠᠯ ︵ᠲᠦᠰᠦᠯ︶᠎ ᠢ ᠬᠢᠨᠠᠨ ᠵᠦᠪᠯᠡᠵᠤ ᠵᠠᠷᠴᠢᠮ ᠲᠡᠭᠡᠷ᠎ᠡ ᠪᠠᠨ ᠪᠠᠳᠤᠯᠠᠵᠤ᠂ ᠬᠤᠶᠠᠳᠤᠭᠠᠷ ᠬᠤᠭᠤᠴᠠᠭᠠᠨ ᠤ ᠲᠤᠮᠳᠠᠳᠤ ᠮᠤᠩᠭᠤᠯ ᠤᠨ ᠦᠵᠡᠰᠭᠦᠯᠡᠩ ᠤᠨ ᠴᠤᠬᠯᠠᠭᠠᠨ ᠢ ᠪᠡᠯᠡᠳᠭᠡᠵᠦ ᠪᠠᠶᠢᠭ᠎ᠠ ᠪᠠᠶᠢᠳᠠᠯ ᠤᠨ ᠬᠠᠷᠢᠭᠤ ᠮᠡᠳᠡᠭᠦᠯᠦᠯᠳᠡ ᠶᠢ ᠰᠤᠨᠤᠰᠴᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号