ᠬᠢᠩᠭᠠᠨ ᠠᠶᠢᠮᠠᠭ ᠤᠨ ᠵᠡᠮᠳᠡᠭᠴᠦᠳ ᠤᠨ ᠬᠤᠯᠪᠤᠭ᠎ᠠ ᠵᠡᠮᠳᠡᠭᠴᠦᠳ ᠲᠤ ᠠᠵᠢᠯ ᠣᠯᠭᠤᠬᠤ ᠲᠠᠪᠴᠠᠩ ᠪᠠᠶᠢᠭᠤᠯᠵᠤ ᠦᠭᠪᠡ
ᠨᠡᠶᠢᠲᠡᠯᠡᠭᠰᠡᠨ ᠴᠠᠭ᠄
2017/5/18
     ᠵᠡᠮᠳᠡᠭᠴᠦᠳ ᠢ ᠬᠠᠪᠰᠤᠷᠤᠨ ᠠᠵᠢᠯ ᠤᠯᠬᠤ ᠬᠦᠰᠡᠯ ᠡᠷᠡᠮᠡᠯᠵᠡᠯ ᠢ ᠪᠡᠶᠡᠯᠡᠭᠦᠯᠵᠦ᠂ ᠵᠡᠮᠳᠡᠭᠴᠦᠳ ᠲᠤ ᠠᠵᠢᠯ ᠣᠯᠭᠤᠬᠤ ᠬᠡᠷᠡᠭᠴᠡᠭᠡ ᠶᠢ ᠰᠢᠢᠳᠪᠦᠷᠢᠯᠡᠬᠦ ᠶᠢᠨ ᠲᠦᠯᠦᠭᠡ᠂ 5 ᠳ᠋ᠤᠭᠠᠷ ᠰᠠᠷ᠎ᠠ ᠶᠢᠨ 15᠎ ᠤ ᠡᠳᠦᠷ᠂ ᠬᠢᠩᠭᠠᠨ ᠠᠶᠢᠮᠠᠭ ᠤᠨ ᠵᠡᠮᠳᠡᠭᠴᠦᠳ ᠤᠨ ᠬᠤᠯᠪᠣᠭ᠎ᠠ ᠭᠤᠣᠯᠯᠠᠨ ᠡᠷᠭᠢᠯᠡᠵᠦ᠂ ᠠᠶᠢᠮᠠᠭ ᠤᠨ ᠵᠡᠮᠳᠡᠭᠴᠦᠳ ᠲᠤ ᠠᠵᠢᠯ ᠣᠯᠭᠤᠬᠤ ᠬᠠᠮᠢᠶᠠᠷᠤᠯᠲᠠ ᠶᠢᠨ ᠲᠥᠪ ᠳᠠᠭᠠᠭᠠᠴᠢᠯᠠᠨ ᠡᠷᠬᠢᠯᠡᠭᠰᠡᠨ ᠵᠡᠮᠳᠡᠭᠴᠦᠳ ᠲᠤ ᠠᠵᠢᠯ ᠣᠯᠭᠤᠬᠤ ᠤᠷᠢᠵᠤ ᠡᠯᠰᠡᠬᠦ ᠭᠠᠷᠠᠭ ᠤᠨ ᠠᠵᠢᠯᠯᠠᠭ᠎ᠠ ᠶᠢ ᠡᠬᠢᠯᠡᠭᠦᠯᠪᠡ᠃      ᠲᠤᠰ ᠤᠳᠠᠭ᠎ᠠ ᠶᠢᠨ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠨᠢ ᠴᠢᠭᠯᠡᠭᠦᠯᠵᠦ ᠪᠠᠶᠢᠭ᠎ᠠ ᠦᠢᠯᠡᠴᠢᠯᠡᠭᠡᠨ ᠤ ᠭᠤᠣᠯ ᠡᠲᠡᠭᠡᠳ ᠪᠤᠯ ᠬᠤᠲᠠ ᠪᠠᠯᠭᠠᠰᠤ ᠪᠣᠯᠤᠨ ᠮᠠᠯᠵᠢᠬᠤ ᠲᠠᠷᠢᠶᠠᠯᠠᠬᠤ ᠣᠷᠣᠨ ᠤ ᠬᠦᠳᠡᠯᠮᠦᠷᠢᠯᠡᠬᠦ ᠨᠠᠰᠤᠨ ᠳᠤ ᠪᠠᠶᠢᠭ᠎ᠠ᠂ ᠠᠵᠢᠯ ᠤᠯᠬᠤ ᠴᠢᠳᠠᠪᠤᠷᠢ ᠪᠠ ᠠᠵᠢᠯ ᠤᠯᠬᠤ ᠬᠦᠰᠡᠯ ᠲᠠᠢ ᠵᠡᠮᠳᠡᠭᠴᠦᠳ᠂ ᠭᠤᠤᠯᠳᠠᠭᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠵᠡᠮᠳᠡᠭᠴᠦᠳ ᠬᠢᠭᠡᠳ ᠨᠢᠭᠡ ᠡᠷᠦᠬᠡ ᠳᠤ ᠤᠯᠠᠨ ᠵᠡᠮᠳᠡᠭ ᠲᠠᠢ ᠭᠡᠷ ᠪᠦᠯᠢ᠂ ᠶᠠᠭ ᠠᠵᠢᠯ ᠤᠯᠭᠤᠯᠲᠠ ᠦᠭᠡᠢ  ᠭᠡᠷ ᠪᠦᠯᠢ ᠪᠣᠯᠤᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭᠠᠲᠤ ᠭᠡᠷ ᠪᠦᠯᠢ ᠶᠢᠨ ᠵᠡᠮᠳᠡᠭ ᠬᠦᠮᠦᠰ ᠲᠤ ᠦᠢᠯᠡᠴᠢᠯᠡᠬᠦ ᠪᠠᠷ ᠭᠤᠤᠯ ᠴᠢᠭᠯᠡᠯ ᠢᠶᠠᠨ ᠪᠤᠯᠭᠠᠵᠠᠢ᠃      ᠤᠷᠢᠵᠤ ᠡᠯᠰᠡᠬᠦ ᠬᠤᠷᠠᠯ ᠳᠡᠭᠡᠷ᠎ᠡ᠂ ᠬᠢᠩᠭᠠᠨ ᠠᠶᠢᠮᠠᠭ ᠤᠨ 12 ᠠᠵᠤ ᠠᠬᠤᠶᠢᠯᠠᠯ ᠵᠡᠮᠳᠡᠭᠴᠦᠳ ᠲᠤ ᠭᠤᠣᠯᠳᠠᠭᠤ ᠡᠯᠧᠺᠲᠷᠣᠨ ᠪᠦᠲᠦᠭᠡᠭᠳᠡᠬᠦᠨ ᠵᠢᠷᠤᠵᠤ ᠲᠦᠯᠦᠪᠯᠡᠬᠦ᠂ ᠡᠵᠡᠩᠨᠡᠨ ᠪᠣᠷᠣᠯᠠᠭᠤᠯᠬᠤ ᠶᠡᠷᠦᠩᠬᠡᠶ ᠬᠢᠨᠠᠭᠴᠢ᠂ ᠣᠷᠴᠢᠭᠤᠯᠤᠭᠴᠢ᠂ ᠮᠡᠷᠭᠡᠵᠢᠯ ᠤᠨ ᠠᠵᠢᠯᠴᠢᠨ᠂ ᠬᠡᠪ ᠵᠠᠰᠠᠬᠤ ᠠᠵᠢᠯᠴᠢᠨ᠂ ᠳ᠋ᠢᠶᠠᠩᠬᠤᠸᠠ ᠵᠠᠯᠭᠠᠭᠴᠢ ᠵᠡᠷᠭᠡ 19 ᠠᠵᠢᠯ ᠤᠨ ᠪᠠᠶᠢᠷᠢ ᠬᠠᠩᠭᠠᠵᠠᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号