ᠥᠪᠥᠷ ᠮᠣᠩᠭᠤᠯ ᠤᠨ ᠠᠯᠪᠠᠲᠠᠨ ᠤ ᠬᠠᠮᠢᠶᠠᠷᠤᠯᠲᠠ ᠶᠢᠨ ᠠᠵᠢᠯ ᠤᠨ ᠬᠤᠷᠠᠯ ᠢ ᠬᠥᠬᠡᠬᠤᠲᠠ ᠳᠤ ᠬᠢᠪᠡ
ᠨᠡᠶᠢᠲᠡᠯᠡᠭᠰᠡᠨ ᠴᠠᠭ᠄
2017/5/2
      4 ᠳ᠋ᠦ᠋ᠭᠡᠷ ᠰᠠᠷ᠎ᠠ ᠶᠢᠨ 26᠎ ᠤ ᠡᠳᠦᠷ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠵᠤᠬᠢᠶᠠᠨ ᠪᠠᠶᠢᠭᠤᠯᠬᠤ ᠬᠡᠯᠲᠡᠰ᠂ ᠦᠪᠡᠷᠲᠡᠭᠡᠨ ᠵᠠᠰᠠᠬᠤ ᠤᠷᠤᠨ ᠤ ᠬᠦᠮᠦᠨ ᠤ ᠬᠦᠴᠦᠨ ᠤ ᠡᠬᠢ ᠪᠠᠶᠠᠯᠢᠭ ᠨᠡᠶᠢᠬᠡᠮ ᠎ ᠤᠨ ᠪᠠᠲᠤᠯᠠᠭ᠎ᠠ ᠶᠢᠨ ᠲᠢᠩᠬᠢᠮ᠂ ᠦᠪᠡᠷᠲᠡᠭᠡᠨ ᠵᠠᠰᠠᠬᠤ ᠤᠷᠤᠨ ᠤ ᠠᠯᠪᠠᠲᠠᠨ ᠤ ᠲᠤᠪᠴᠢᠶ᠎ᠠ ᠬᠠᠮᠳᠤᠷᠠᠨ 2017 ᠣᠨ ᠤ ᠪᠦᠬᠦ ᠤᠷᠤᠨ ᠤ ᠠᠯᠪᠠᠲᠠᠨ ᠤ ᠬᠠᠮᠢᠶᠠᠷᠤᠯᠲᠠ ᠶᠢᠨ ᠠᠵᠢᠯ ᠤᠨ ᠬᠤᠷᠠᠯ ᠬᠢᠵᠦ᠂ ᠨᠢᠳᠣᠨᠣᠨ ᠤ ᠠᠵᠢᠯ ᠢᠶᠠᠨ ᠳ᠋ᠦᠩᠨᠡᠨ ᠡᠨᠡ ᠵᠢᠯ ᠤᠨ ᠠᠵᠢᠯ ᠢᠶᠠᠨ ᠪᠠᠶᠢᠷᠢᠯᠠᠭᠤᠯᠪᠠ᠃       ᠤᠶᠢᠯᠠᠭᠠᠬᠰᠠᠨ ᠢᠶᠠᠷ  ᠂ 2016 ᠣᠨ ᠳᠤ᠂ ᠪᠦᠬᠦ ᠤᠷᠤᠨ ᠤ ᠠᠯᠪᠠᠲᠠᠨ ᠤ ᠠᠵᠢᠯ ᠢᠯᠡᠳᠳᠡ ᠠᠮᠵᠢᠯᠲᠠ ᠪᠦᠲᠦᠮᠵᠢ ᠤᠯᠵᠦ᠂ ᠬᠤᠰᠢᠭᠤ ᠰᠢᠶᠠᠨ ︵ᠬᠤᠲᠠ᠂ ᠲᠤᠭᠤᠷᠢᠭ︶᠎ ᠠᠴᠠ ᠳᠤᠷᠤᠬᠰᠢᠬᠢ ᠪᠠᠶᠢᠭᠤᠯᠤᠯᠭ᠎ᠠ ᠶᠢᠨ ᠠᠯᠪᠠᠲᠠᠨ ᠤ ᠲᠤᠰᠢᠶᠠᠯ ᠪᠤᠯᠤᠨ ᠲᠤᠰᠢᠶᠠᠯ ᠤᠨ ᠳᠡᠰ ᠢ ᠦᠷᠬᠦᠯᠵᠢᠯᠡᠨ ᠠᠬᠢᠭᠤᠯᠬᠤ ᠶᠢᠨ ᠬᠠᠮᠲᠦ ᠲᠦᠷᠢᠮ ᠢ ᠲᠤᠤᠱᠯᠠᠭᠤᠯᠤᠨ ᠨᠠᠶᠢᠳᠠᠪᠤᠷᠢᠵᠢᠭᠤᠯᠵᠦ᠂ ᠠᠯᠪᠠᠲᠠᠨ ᠡᠯᠰᠡᠨ ᠬᠡᠷᠡᠭᠯᠡᠬᠦ ᠲᠦᠷᠢᠮ ᠢ ᠴᠢᠨᠠᠭᠰᠢᠳᠠ ᠲᠡᠭᠦᠯᠳᠡᠷᠵᠢᠬᠦᠯᠪᠡ᠃ ᠪᠦᠬᠦ ᠵᠢᠯ ᠳᠤ ᠨᠡᠶᠢᠲᠡ 4055 ᠠᠯᠪᠠᠲᠠᠨ ᠡᠯᠰᠡᠵᠦ᠂ ᠠᠶᠢᠮᠠᠭ ᠬᠤᠲᠠ ᠠᠴᠠ ᠳᠡᠭᠡᠭᠰᠢᠬᠢ ᠪᠠᠶᠢᠭᠤᠯᠤᠯᠭ᠎ᠠ ᠢᠯᠡ ᠪᠠᠷ 147 ᠠᠯᠪᠠᠲᠠᠨ ᠢ ᠰᠢᠯᠢᠨ ᠰᠤᠩᠭᠤᠵᠦ᠂ ᠪᠦᠬᠦ ᠤᠷᠤᠨ ᠤ 6000 ᠭᠠᠷᠤᠢ ᠰᠢᠬᠦᠭᠴᠢ ᠳᠣᠰᠢᠶᠠᠯᠳᠠᠨ᠂ 4800 ᠭᠠᠷᠤᠢ ᠪᠠᠶᠢᠴᠠᠭᠠᠬᠴᠢ ᠳᠣᠰᠢᠶᠠᠯᠳᠠᠨ ᠳᠤ ᠲᠤᠰᠢᠶᠠᠯ ᠤᠨ ᠦᠭᠡᠷᠡᠴᠢᠯᠡᠯᠲᠡ ᠪᠤᠯᠤᠨ ᠬᠢᠨᠡᠨ ᠲᠤᠬᠲᠠᠭᠠᠯᠲᠠ ᠭᠢᠬᠦ ᠶᠢᠨ ᠬᠠᠮᠲᠦ ᠠᠯᠪᠠᠲᠠᠨ ᠤ ᠬᠠᠥᠯᠢ ᠶᠤᠰᠤᠨ ᠤ ᠡᠷᠭᠡ ᠠᠰᠢᠭ ᠢ ᠪᠠᠲᠤᠯᠠᠬᠤ ᠠᠵᠢᠯ ᠢ ᠰᠠᠶᠢᠲᠤᠷ ᠬᠢᠵᠡᠢ᠃      ᠬᠤᠷᠠᠯ ᠠᠴᠠ ᠱᠠᠭᠠᠷᠳᠠᠬᠰᠠᠨ ᠨᠢ᠂ ᠡᠨᠡ ᠵᠢᠯ ᠤᠨ ᠪᠦᠬᠦ ᠣᠷᠣᠨ ᠤ ᠠᠯᠪᠠᠳᠠᠨ ᠤ ᠠᠵᠢᠯ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠱᠠᠭᠠᠷᠳᠠᠯᠭ᠎ᠠ ᠶᠢ ᠲᠤᠤᠱᠯᠠᠭᠤᠯᠬᠤ ᠭᠤᠤᠯ ᠰᠡᠳᠦᠪ ᠤᠨ ᠲᠤᠭᠤᠷᠢᠨ ᠳᠤ᠂ ᠲᠤᠬᠲᠠᠭᠤᠨ ᠤ ᠳᠤᠮᠳᠠ ᠤᠷᠤᠬᠰᠢᠯᠠᠨ ᠳᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠳᠠᠯᠠᠵᠦ᠂ ᠪᠦᠬᠦ ᠤᠯᠤᠰ ᠪᠣᠯᠣᠨ ᠦᠪᠡᠷᠲᠡᠭᠡᠨ ᠵᠠᠰᠠᠬᠤ ᠤᠷᠤᠨ ᠤ ᠵᠤᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠨᠠᠷ ᠤᠨ ᠬᠤᠷᠠᠯ᠂ ᠬᠦᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠠᠵᠢᠯ ᠤᠨ ᠬᠤᠷᠠᠯ᠂ ᠠᠯᠪᠠᠲᠠᠨ ᠤ ᠬᠠᠮᠢᠶᠠᠷᠤᠯᠲᠠ ᠶᠢᠨ ᠠᠵᠢᠯ ᠤᠨ ᠪᠠᠶᠢᠷᠢᠯᠠᠭᠤᠯᠤᠯᠲᠠ ᠶᠤᠰᠤᠭᠠᠷ᠂ ᠡᠩᠨᠡᠭᠡ ᠶᠢᠨ ᠪᠠᠶᠢᠭᠤᠯᠤᠯᠲᠠ ᠪᠤᠯᠤᠨ ᠲᠦᠷᠢᠮ ᠤᠨ ᠪᠠᠶᠢᠭᠤᠯᠤᠯᠲᠠ ᠶᠢ ᠵᠡᠷᠭᠡᠪᠡᠷ ᠠᠳᠬᠤᠵᠦ᠂ ᠠᠯᠪᠠᠲᠠᠨ ᠤ ᠠᠵᠢᠯ ᠬᠢᠬᠦ᠂ ᠵᠤᠷᠢᠬᠲᠠᠢ ᠪᠠᠷ ᠠᠵᠢᠯᠯᠠᠬᠤ ᠶᠢ ᠠᠬᠢᠭᠤᠯᠬᠤ ᠪᠠᠷ ᠭᠤᠤᠯᠳᠠᠯᠭ᠎ᠠ ᠪᠤᠯᠭᠠᠵᠦ᠂ ᠲᠦᠷᠦᠯ ᠬᠤᠪᠢᠶᠠᠨ ᠬᠠᠮᠢᠶᠠᠷᠬᠤ ᠶᠢ ᠠᠬᠢᠭᠤᠯᠵᠦ᠂ ᠰᠢᠯᠢᠳᠡᠭ ᠴᠢᠳᠠᠪᠤᠷᠢᠲᠠᠨ ᠤ ᠢᠷᠡᠯᠲᠡ ᠶᠢᠨ ᠵᠠᠮ ᠢ ᠦᠷᠭᠡᠳᠭᠡᠵᠦ᠂ ᠰᠢᠯᠭᠠᠨ ᠦᠨᠡᠯᠡᠬᠦ ᠠᠵᠢᠯ ᠢ ᠬᠠᠯᠠᠨ ᠰᠠᠶᠢᠵᠢᠷᠠᠭᠤᠯᠵᠦ᠂ ᠵᠤᠷᠢᠬᠵᠢᠭᠤᠯᠬᠤ ᠬᠦᠯᠢᠶᠡᠰᠦᠯᠡᠬᠦ ᠶᠢ ᠴᠢᠩᠭᠠᠳᠬᠠᠵᠦ᠂ ᠪᠠᠶᠢᠭᠤᠯᠤᠮᠵᠢ ᠲᠤᠬᠲᠠᠴᠠ ᠪᠠᠨ ᠳᠡᠬᠦᠯᠳᠡᠷᠵᠢᠬᠦᠯᠵᠦ᠂ ᠦᠨᠡᠨᠴᠢ ᠰᠢᠳᠤᠷᠭᠤ᠂ ᠠᠷᠢᠭᠤᠨ ᠴᠡᠪᠡᠷ᠂ ᠬᠠᠷᠢᠭᠤᠴᠠᠯᠭ᠎ᠠ ᠡᠭᠦᠷᠭᠡᠯᠡᠬᠦ ᠦᠨᠳᠦᠷ ᠬᠡᠪ ᠪᠣᠯᠪᠠᠰᠣᠷᠠᠯ ᠲᠠᠢ ᠲᠤᠰᠬᠠᠶᠢᠵᠢᠬᠰᠠᠨ ᠠᠯᠪᠠᠲᠠᠨ  ᠎ ᠤ ᠡᠩᠨᠡᠭᠡ ᠶᠢ ᠴᠢᠷᠮᠠᠶᠢᠨ ᠪᠠᠶᠢᠭᠤᠯᠬᠤ ᠬᠡᠷᠡᠭᠲᠡᠢ ᠭᠡᠵᠡᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号