| 4 ᠳ᠋ᠤᠭᠡᠷ ᠰᠠᠷ᠎ᠠ ᠶᠢᠨ 29 ᠤ ᠡᠳᠦᠷ᠂ ᠮᠠᠩᠯᠠᠶᠢᠯᠠᠭᠰᠠᠨ ᠠᠩᠭᠢ ᠥᠪᠥᠷ ᠮᠣᠩᠭᠤᠯ ︵ᠳᠤᠮᠳᠠ︶᠂ | ᠳᠡᠳ᠋ᠯᠡᠭᠰᠡᠨ ᠠᠩᠭᠢ ᠵᠢᠶᠠᠩᠰᠤ ︵ᠵᠡᠭᠦᠨ︶ ᠪᠠ ᠭᠤᠷᠪᠠᠳᠤᠭᠠᠷ ᠲᠤ ᠣᠷᠣᠭᠰᠠᠨ ᠠᠩᠭᠢ ᠶᠦᠨᠨᠠᠨ ᠤ ᠲᠠᠮᠢᠷᠴᠢᠳ | ᠪᠣᠯᠣᠨ ᠳᠠᠰᠬᠠᠵᠢᠭᠤᠯᠤᠭᠴᠢ ᠱᠠᠩᠨᠠᠯ ᠣᠯᠭᠤᠬᠤ ᠶᠣᠰᠣᠯᠠᠯ ᠳᠡᠭᠡᠷ᠎ᠡ ᠭᠡᠷᠡᠯ ᠵᠢᠷᠤᠭ ᠠᠪᠤᠭᠤᠯᠵᠤ ᠪᠠᠶᠢᠭ᠎ᠠ ᠨᠢ | 4 ᠳ᠋ᠤᠭᠡᠷ ᠰᠠᠷ᠎ᠠ ᠶᠢᠨ 29 ᠤ ᠦᠳᠠ ᠶᠢᠨ ᠡᠮᠦᠨ᠎ᠠ᠂ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ | ᠤᠯᠤᠰ ᠤᠨ ᠲᠠᠮᠢᠷ ᠤᠨ ᠴᠤᠭᠯᠠᠭᠠᠨ ᠤ ᠬᠠᠮᠤᠭ ᠠᠩᠬᠠᠠ ᠤ ᠤᠷᠤᠯᠳᠤᠭᠠᠨ ᠤ ᠲᠦᠷᠦᠯ ᠵᠦᠢᠯ ᠪᠤᠯᠬᠤ ᠮᠠᠷᠠᠽᠤᠨ ᠤ | ᠤᠷᠤᠯᠳᠤᠭᠠᠨ ᠲᠢᠶᠠᠨᠵᠢᠨ ᠬᠤᠳᠠ ᠶᠢᠨ ᠦᠴᠢᠩ ᠲᠤᠭᠤᠷᠢᠭ ᠲᠤ ᠶᠠᠪᠤᠭᠳᠠᠵᠤ᠂ ᠬᠤᠶᠠᠷ ᠴᠠᠭ ᠭᠠᠷᠤᠢ ᠶᠢᠨ | ᠤᠷᠤᠯᠳᠤᠭᠠᠨ ᠢᠶᠠᠷ ᠲᠡᠮᠵᠢᠨ ᠦᠪᠦᠷ ᠮᠤᠩᠭᠤᠯ ᠤᠨ ᠲᠦᠯᠦᠬᠡᠯᠡᠭᠴᠢ ᠶᠢᠨ ᠠᠩᠬᠢ ᠶᠢᠨ ᠬᠢᠨ ᠡᠮᠡᠭᠳᠡᠢ ᠶᠢᠨ | ᠨᠢᠬᠡᠴᠠ ᠶᠢᠨ ᠤᠷᠤᠯᠳᠤᠭᠠᠨ ᠳᠤ ᠮᠠᠩᠯᠠᠶᠢᠯᠠᠵᠤ᠂ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠲᠠᠮᠢᠷ | ᠤᠨ ᠴᠤᠭᠯᠠᠭᠠᠨ ᠳᠠᠬᠢ ᠠᠩᠬᠠᠳᠠᠭᠴᠢ ᠠᠯᠳᠠᠨ ᠮᠧᠳᠠᠯ ᠢᠶᠠᠨ ᠤᠯᠤᠭᠰᠠᠠ ᠪᠠᠶᠢᠨ᠎ᠠ᠃ | ᠲᠤᠰ ᠤᠳᠠᠭᠠᠨ ᠤ ᠤᠷᠤᠯᠳᠤᠭᠠᠨ ᠳᠤ ᠮᠡᠷᠬᠡᠵᠢᠯ ᠤᠨ ᠲᠤᠭᠤᠶᠢᠯᠠᠩ ᠤᠨ ᠡᠷᠡᠭᠳᠡᠢ᠂ ᠡᠮᠡᠭᠳᠡᠢ ᠶᠢᠨ ᠬᠤᠪᠢ | ᠬᠦᠮᠦᠨ ᠵᠢᠴᠢ ᠡᠮᠡᠭᠳᠡᠢ ᠶᠢᠨ ᠨᠢᠬᠡᠴᠠ ᠶᠢᠨ ᠤᠷᠤᠯᠳᠤᠭᠠᠨ᠂ ᠤᠯᠠᠨ ᠲᠦᠮᠡᠨᠴᠢ ᠲᠤᠭᠤᠶᠢᠯᠠᠩ ᠤᠨ ᠡᠷᠡᠭᠳᠡᠢ | ᠡᠮᠡᠭᠳᠡᠢ ᠶᠢᠨ ᠬᠤᠪᠢ ᠬᠦᠮᠦᠨ ᠤ ᠤᠷᠤᠯᠳᠤᠭᠠᠨ ᠬᠡᠬᠦ ᠲᠠᠪᠤᠨ ᠲᠦᠷᠦᠯ ᠢ ᠲᠤᠬᠢᠷᠠᠭᠤᠯᠵᠤ᠂ ᠪᠦᠬᠦ ᠤᠯᠤᠰ ᠤᠨ 30 | ᠭᠠᠷᠤᠢ ᠮᠤᠵᠢ᠂ ᠦᠪᠡᠷᠳᠡᠬᠡᠨ ᠵᠠᠰᠬᠤ ᠤᠷᠤᠨ᠂ ᠰᠢᠭᠤᠳ ᠬᠠᠷᠢᠶ᠎ᠠ ᠬᠤᠳᠠ ᠶᠢᠨ 10263 ᠬᠦᠮᠦᠨ ᠨᠡᠷ᠎ᠠ | ᠮᠡᠳᠡᠬᠦᠯᠦᠨ ᠤᠷᠤᠯᠴᠠᠵᠠᠢ᠃ ᠮᠡᠷᠬᠡᠵᠢᠯ ᠤᠨ ᠲᠤᠭᠤᠶᠢᠯᠠᠩ ᠤᠨ ᠡᠮᠡᠭᠳᠡᠢ ᠶᠢᠨ ᠨᠢᠬᠡᠴᠠ ᠶᠢᠨ ᠤᠷᠤᠯᠳᠤᠭᠠᠨ ᠳᠤ | ᠬᠦᠩ ᠯᠢ ᠬᠤᠸᠠ᠂ ᠵᠠᠩ ᠶᠢᠩ ᠶᠢᠩ᠂ ᠾᠧ ᠶᠢᠨ ᠯᠢ᠂ ᠶᠢᠨ ᠮᠢᠩ ᠮᠢᠩ ᠢᠶᠠᠷ ᠪᠦᠷᠢᠯᠳᠦᠭᠰᠡᠡ ᠦᠪᠦᠷ ᠮᠤᠩᠭᠤᠯ | ᠤᠨ ᠠᠩᠬᠢ ᠶᠡᠷᠦᠩᠬᠡᠢ ᠪᠦᠳᠦᠮᠵᠢ 10 ᠴᠠᠭ 36 ᠮᠢᠨᠦ᠋ᠲ 27 ᠰᠧᠺᠦ᠋ᠨ᠋ᠳ᠋ ᠤᠨ ᠬᠢᠷᠢ ᠪᠦᠳᠦᠮᠵᠢ ᠪᠠᠷ | ᠮᠠᠩᠯᠠᠶᠢᠯᠠᠵᠤ᠂ ᠦᠪᠦᠷ ᠮᠤᠩᠭᠤᠯ ᠤᠨ ᠲᠦᠯᠦᠬᠡᠯᠡᠭᠴᠢ ᠶᠢᠨ ᠠᠩᠬᠢ ᠶᠢᠨ ᠠᠷᠪᠠᠨ ᠭᠤᠷᠪᠠᠳᠤᠭᠠᠷ ᠬᠤᠭᠤᠴᠠᠭᠠᠨ ᠤ | ᠪᠦᠬᠦ ᠤᠯᠤᠰ ᠤᠨ ᠲᠠᠮᠢᠷ ᠤᠨ ᠴᠤᠭᠯᠠᠭᠠᠨ ᠳᠠᠬᠢ ᠠᠩᠬᠠᠳᠠᠭᠴᠢ ᠠᠯᠳᠠᠨ ᠮᠧᠳᠠᠯ ᠢ ᠤᠯᠤᠭᠰᠠᠠ ᠪᠠᠶᠢᠢᠨ᠎ᠠ᠃ |