ᠦᠬᠠᠢ ᠬᠤᠲᠠ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠳᠤ ᠣᠷᠣᠭᠤᠯᠤᠯᠲᠠ ᠶᠢᠨ ᠡᠷᠴᠢᠮ ᠢᠶᠠᠨ ᠨᠡᠮᠡᠭᠳᠡᠭᠦᠯᠵᠦ ᠪᠤᠢ
ᠨᠡᠶᠢᠲᠡᠯᠡᠭᠰᠡᠨ ᠴᠠᠭ᠄
2017/5/24
     1- 4 ᠳ᠋ᠦ᠋ᠭᠡᠷ ᠰᠠᠷ᠎ᠠ ᠳᠤ᠂ ᠦᠬᠠᠢ ᠬᠤᠲᠠ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠳᠤ 30.44 ᠳ᠋ᠦᠩᠰᠢᠭᠤᠷ ᠲᠦᠬᠦᠷᠢᠭ ᠪᠡᠯᠡ ᠣᠷᠣᠭᠤᠯᠵᠤ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 8.7%᠎ ᠪᠠᠷ ᠨᠡᠮᠡᠭᠳᠡᠨ᠂ ᠪᠦᠬᠦ ᠬᠤᠲᠠ ᠶᠢᠨ ᠲᠣᠭᠲᠠᠮᠠᠯ ᠬᠦᠷᠦᠩᠭᠡ ᠳᠠᠬᠢ ᠬᠤᠪᠢ ᠶᠢᠨ ᠵᠢᠩ ᠨᠢ 51.7%᠎ ᠶᠢ ᠡᠵᠡᠯᠡᠵᠦ᠂ ᠡᠵᠡᠯᠡᠬᠦ ᠬᠤᠪᠢ ᠶᠢᠨ ᠵᠢᠩ ᠨᠢ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 2.3 ᠵᠠᠭᠤᠨ ᠤ ᠴᠡᠭ ᠳᠡᠭᠡᠭᠰᠢᠯᠡᠪᠡ᠃ ᠭᠤᠣᠯ ᠪᠦᠲᠦᠭᠡᠨ ᠪᠠᠶᠢᠭᠤᠯᠵᠤ ᠥᠭᠡᠷᠡᠴᠢᠯᠡᠨ ᠰᠠᠶᠢᠵᠢᠷᠠᠭᠤᠯᠬᠤ ᠲᠥᠷᠥᠯ ᠵᠦᠢᠯ ᠳᠤ᠄  ᠭᠠᠷᠤᠳᠢ ᠭᠤᠣᠯ ᠤᠨ ᠶᠡᠷᠦᠩᠬᠡᠶᠢᠯᠡᠨ ᠵᠠᠰᠠᠬᠤ ᠢᠨᠵᠧᠨᠧᠷᠢᠩ᠂ ᠤᠯᠠᠭᠠᠨ ᠨᠠᠭᠤᠷ ᠠᠮᠢ ᠠᠬᠤᠢ ᠶᠢᠨ ᠦᠵᠡᠮᠵᠢ ᠶᠢᠨ ᠢᠨᠵᠧᠨᠧᠷᠢᠩ᠂ ᠪᠢᠨ ᠡᠾᠧ ᠲᠥᠪ ᠴᠡᠴᠡᠷᠯᠢᠭ ᠤᠨ ᠦᠵᠡᠮᠵᠢ ᠶᠢᠨ ᠢᠨᠵᠧᠨᠧᠷᠢᠩ᠂ ᠤᠯᠤᠰ ᠤᠨ ᠵᠠᠮ 110 ᠱᠤᠭᠤᠮ ᠤᠨ ᠦᠬᠠᠢ ᠳᠠᠬᠢ ᠬᠠᠲᠤᠨ ᠭᠤᠣᠯ ᠤᠨ ᠶᠡᠭᠡ ᠬᠦᠬᠦᠷᠭᠡ᠂ ᠭᠠᠨᠳᠠᠷ ᠬᠠᠲᠤᠨ ᠭᠤᠣᠯ ᠤᠨ ᠶᠡᠭᠡ ᠬᠦᠬᠦᠷᠭᠡ᠂ ᠴᠠᠬᠢᠯᠭᠠᠨ ᠬᠦᠴᠦᠨ ᠤ ᠪᠡᠯᠡᠳᠬᠡᠮᠵᠢ ᠶᠢᠨ ᠥᠭᠡᠷᠡᠴᠢᠯᠡᠯᠲᠡ᠂ ᠭᠤᠷᠪᠠᠨ ᠲᠣᠭᠤᠷᠢᠭ ᠤᠨ ᠬᠤᠲᠠ ᠶᠢᠨ ᠵᠠᠮ ᠱᠤᠭᠤᠮ᠂ ᠴᠠᠬᠢᠯᠭᠠᠨ ᠬᠤᠯᠪᠣᠭ᠎ᠠ ᠵᠢᠴᠢ ᠰᠢᠯᠵᠢᠮᠡᠯ ᠰᠦᠯᠵᠢᠶ᠎ᠡ ᠶᠢᠨ ᠪᠡᠯᠡᠳᠬᠡᠮᠵᠢ ᠶᠢᠨ ᠥᠭᠡᠷᠡᠴᠢᠯᠡᠯᠲᠡ᠂ ᠴᠡᠴᠡᠷᠯᠢᠭᠵᠢᠭᠦᠯᠦᠨ ᠨᠣᠭᠤᠭᠠᠷᠠᠭᠤᠯᠤᠯᠲᠠ ᠵᠡᠷᠭᠡ ᠬᠤᠲᠠ ᠶᠢᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠪᠠᠭᠲᠠᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号