ᠮᠠᠨ ᠤ ᠤᠷᠤᠨ ᠪᠠᠷᠠᠭᠤᠨ ᠬᠤᠶᠢᠳᠦ ᠶᠢᠨ ᠬᠠᠮᠤᠭ ᠠᠴᠠ ᠲᠤᠮᠤ ᠡᠮᠴᠢᠯᠡᠭᠡᠨ ᠤ ᠬᠤᠯᠪᠤᠭᠠᠳᠦ ᠴᠤᠭᠴᠠ ᠶᠢᠨ ᠡᠬᠦᠯᠡᠨ ᠳᠡᠪᠴᠡᠩ ᠪᠠᠶᠢᠭᠤᠯᠵᠠᠢ
ᠨᠡᠶᠢᠲᠡᠯᠡᠭᠰᠡᠨ ᠴᠠᠭ᠄
2017/5/26
     5 ᠳ᠋ᠤᠭᠠᠷ ᠰᠠᠷ᠎ᠠ ᠶᠢᠨ 25᠎ ᠤ ᠦᠳᠡ ᠶᠢᠨ ᠡᠮᠦᠨ᠎ᠡ᠂ ᠦᠪᠦᠷ ᠮᠤᠩᠭᠤᠯ ᠤᠨ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠢᠨᠲ᠋ᠧᠷ ᠰᠦᠯᠵᠢᠶ᠎ᠡ + ᠡᠮᠴᠢᠯᠡᠭᠡ ᠡᠷᠡᠬᠦᠯ ᠮᠡᠨᠳᠦ ᠶᠢᠨ ᠡᠭᠦᠯᠡᠨ ᠳᠡᠪᠴᠡᠩ ᠵᠢᠩᠬᠢᠨᠢ ᠪᠠᠷ ᠠᠰᠢᠬᠯᠠᠯᠳᠠ ᠳᠤ ᠤᠷᠤᠵᠠᠢ᠂ ᠡᠨᠡ ᠨᠢ ᠮᠠᠨ ᠤ ᠤᠯᠤᠰ ᠤᠨ ᠪᠠᠷᠠᠭᠤᠨ ᠬᠤᠶᠢᠳᠦ ᠶᠢᠨ ᠭᠠᠵᠠᠷ ᠤᠷᠤᠨ ᠤ ᠬᠠᠮᠤᠭ ᠠᠴᠠ ᠲᠤᠮᠤ ᠡᠮᠴᠢᠯᠡᠭᠡᠨ ᠤ ᠬᠤᠯᠪᠤᠭᠠᠳᠦ ᠴᠤᠭᠴᠠ ᠶᠢᠨ ᠡᠬᠦᠯᠡᠨ ᠳᠡᠪᠴᠡᠩ ᠪᠤᠯᠤᠨ᠎ᠠ᠃      ᠲᠤᠰ ᠳᠡᠪᠴᠡᠩ ᠨᠢ ᠢᠨᠲ᠋ᠧᠷ ᠰᠦᠯᠵᠢᠶᠡᠨ ᠤ ᠮᠡᠷᠭᠡᠵᠢᠯ ᠢ ᠠᠰᠢᠬᠯᠠᠨ᠂ ᠦᠪᠦᠷ ᠮᠤᠩᠭᠤᠯ ᠤᠨ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠡᠮᠴᠢᠯᠡᠭᠡᠨ ᠤ ᠬᠤᠯᠪᠤᠭᠠᠳᠦ ᠴᠤᠭᠴᠠ ᠶᠢᠨ ᠳᠤᠳᠤᠷᠠᠬᠢ 120 ᠭᠠᠷᠤᠢ ᠬᠠᠮᠳᠤᠷᠠᠯᠴᠠᠭ᠎ᠠ ᠲᠠᠢ ᠡᠮᠨᠡᠯᠭᠡ ᠶᠢᠨ ᠬᠤᠷᠢᠶ᠎ᠠ ᠶᠢᠨ ᠤᠨᠤᠰᠢᠯᠠᠨ ᠵᠠᠰᠠᠬᠤ ᠳᠠᠷᠠᠭᠠᠯᠠᠯ ᠢ ᠳᠠᠬᠢᠨ ᠪᠠᠶᠢᠭᠤᠯᠬᠤ ᠶᠢᠨ ᠵᠡᠷᠭᠡᠪᠡᠷ ᠨᠡᠶᠢᠭᠡᠮ ᠤᠨ ᠰᠢᠨ᠎ᠡ ᠶᠢ ᠡᠭᠦᠳᠦᠭᠰᠡᠨ ᠡᠮᠴᠢᠯᠡᠭᠡᠨ ᠤ ᠡᠬᠢ ᠪᠠᠶᠠᠯᠢᠭ ᠢ ᠨᠡᠶᠢᠳᠭᠡᠵᠦ᠂ ᠪᠦᠷᠢᠨ ᠪᠦᠳᠦᠨ ︽ᠢᠨᠲ᠋ᠧᠷ ᠰᠦᠯᠵᠢᠶ᠎ᠡ + ᠳᠡᠰ ᠬᠤᠪᠢᠶᠠᠨ ᠤᠨᠤᠰᠢᠯᠠᠨ ᠵᠠᠰᠠᠬᠤ︾ ᠦᠢᠯᠡᠴᠢᠯᠡᠭᠡᠨ ᠤ ᠠᠮᠢ ᠠᠬᠤᠢ ᠶᠢ ᠪᠦᠷᠢᠯᠳᠦᠬᠦᠯᠪᠠ᠃ ᠳᠡᠪᠴᠡᠩ ᠤᠨ ᠠᠰᠢᠬᠯᠠᠯᠳᠠ ᠳᠤ ᠤᠷᠤᠭᠰᠠᠨ ᠨᠢ ᠡᠮᠴᠢᠯᠡᠭᠡᠨ ᠤ ᠪᠠᠶᠢᠭᠤᠯᠤᠮᠵᠢ ᠶᠢᠨ ᠬᠤᠭᠤᠷᠤᠨᠳᠤᠬᠢ ᠨᠢᠭᠳᠠ ᠬᠠᠮᠳᠤᠷᠠᠯᠴᠠᠭ᠎ᠠ ᠪᠠᠷ ᠳᠠᠮᠵᠢᠨ ︽ᠲᠤᠮᠤ ᠭᠤᠷᠪᠠᠳᠤᠭᠠᠷ ᠬᠦᠭᠡ ᠳᠡᠰ ᠤᠨ ᠡᠮᠨᠡᠯᠭᠡ ᠶᠢᠨ ᠬᠤᠷᠢᠶ᠎ᠠ︾᠎ ᠶᠢᠨ ︽ᠪᠠᠭ᠎ᠠ ᠬᠤᠪᠢᠶᠠᠷᠢ ᠡᠮᠨᠡᠯᠭᠡ ᠶᠢᠨ ᠬᠤᠷᠢᠶ᠎ᠠ︾᠎ ᠶᠢ ᠦᠨᠳᠦᠰᠦᠨ ᠱᠠᠳᠤᠨ ᠳᠤ ᠰᠢᠯᠵᠢᠬᠦᠯᠵᠦ᠂ ︽ᠮᠡᠷᠭᠡᠵᠢᠯ ᠰᠢᠯᠵᠢᠬᠦ ᠠᠴᠠ ᠪᠢᠰᠢ ᠡᠪᠡᠳᠴᠢᠳᠡᠨ ᠰᠢᠯᠵᠢᠬᠦ ᠦᠭᠡᠢ︾ ᠬᠠᠷᠠᠯᠳᠠ ᠶᠢ ᠪᠡᠶᠡᠯᠡᠬᠦᠯᠵᠠᠢ᠃      ᠤᠶᠢᠯᠠᠭᠠᠭᠰᠠᠨ᠂ ᠦᠪᠦᠷ ᠮᠤᠩᠭᠤᠯ ᠤᠨ ᠠᠷᠠᠳ ᠤᠨ ᠡᠮᠨᠡᠯᠭᠡ ᠶᠢᠨ ᠬᠤᠷᠢᠶ᠎ᠠ ᠯᠤᠭ᠎ᠠ ᠬᠤᠯᠪᠤᠭ᠎ᠠ ᠲᠠᠢ ᠡᠮᠨᠡᠯᠭᠡ ᠶᠢᠨ ᠬᠤᠷᠢᠶ᠎ᠠ ᠶᠢᠨ ᠪᠠᠶᠢᠭ᠎ᠠ ᠬᠤᠰᠢᠭᠤ ᠰᠢᠶᠠᠨ ᠰᠢᠶᠠᠩ ᠲᠤ᠂ ᠤᠯᠠᠨ ᠲᠦᠮᠡᠨ ᠭᠡᠷ ᠤᠨ ᠢᠶᠠᠨ ᠡᠭᠦᠳᠡᠨ ᠎ ᠳᠤ ᠦᠪᠦᠷ ᠮᠤᠩᠭᠤᠯ ᠤᠨ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠲᠤᠰᠬᠠᠢ ᠮᠡᠷᠭᠡᠵᠢᠯᠳᠡᠨ ᠲᠠᠢ ᠨᠢᠭᠤᠷᠳᠠᠨ ᠡᠮᠨᠡᠬᠦᠯᠵᠦ᠂ ᠨᠡᠩ ᠲᠤᠰᠬᠠᠢ ᠮᠡᠷᠭᠡᠵᠢᠯ ᠤᠨ ᠰᠢᠯᠢᠳᠡᠭ ᠡᠮᠴᠢᠯᠡᠭᠡᠨ ᠤ ᠡᠬᠢ ᠪᠠᠶᠠᠯᠢᠭ ᠢ ᠤᠯᠵᠦ ᠡᠳ᠋ᠯᠡᠬᠦ ᠪᠤᠯᠤᠨ᠎ᠠ᠃ ᠡᠪᠡᠳᠴᠢᠳᠡᠨ ᠭᠠᠷ ᠤᠳᠠᠰᠦ ᠪᠠᠷ ᠢᠶᠠᠨ ᠳᠠᠮᠵᠢᠨ ᠡᠮᠨᠡᠯᠭᠡ ᠶᠢᠨ ᠬᠤᠷᠢᠶ᠎ᠠ ᠳᠤ ᠪᠤᠯᠵᠦᠵᠦ ᠳ᠋ᠤᠭᠠᠷᠯᠠᠬᠤ᠂ ᠪᠠᠶᠢᠴᠠᠭᠠᠨ ᠲᠤᠳᠤᠯᠠᠬᠰᠠᠨ ᠦᠷ᠎ᠡ ᠳ᠋ᠦᠩ ᠢᠶᠠᠨ ᠦᠵᠡᠬᠦ᠂ ᠰᠦᠯᠵᠢᠶᠡᠨ ᠳᠡᠭᠡᠷ᠎ᠡ ᠲᠤᠭᠠᠴᠠᠭ᠎ᠠ ᠬᠢᠬᠦ ᠵᠡᠷᠭᠡ ᠡᠮᠴᠢᠯᠡᠭᠡᠨ ᠤ ᠦᠢᠯᠡᠴᠢᠯᠡᠭᠡᠨ ᠤ ᠱᠠᠭᠠᠷᠳᠠᠯᠭ᠎ᠠ ᠪᠠᠨ ᠳᠠᠮᠵᠢᠭᠤᠯᠤᠨ ᠳᠤᠰᠬᠠᠵᠦ᠂ ᠡᠮᠴᠢ ᠠᠴᠠ ᠺᠤᠮᠫᠢᠤᠶᠢᠲᠧᠷ᠂ ᠭᠠᠷ ᠤᠳᠠᠰᠦ ᠵᠡᠷᠭᠡ ᠡᠯᠧᠺᠲᠷᠤᠨ ᠲᠦᠭᠦᠭᠡᠷᠦᠮᠵᠢ ᠶᠢ ᠠᠰᠢᠬᠯᠠᠨ ᠡᠪᠡᠳᠴᠢᠳᠡᠨ ᠳᠤ ᠡᠮᠨᠡᠯᠭᠡ ᠰᠢᠯᠵᠢᠬᠦᠯᠵᠦ ᠬᠠᠮᠳᠤᠷᠠᠨ ᠤᠨᠤᠰᠢᠯᠠᠬᠤ᠂ ᠪᠠᠶᠢᠴᠠᠭᠠᠯᠳᠠ ᠶᠢᠨ ᠮᠡᠳᠡᠬᠦᠯᠦᠯᠳᠡ ᠳᠤ ᠵᠠᠳᠠᠯᠤᠯᠳᠠ ᠬᠢᠬᠦ᠂ ᠡᠯᠧᠺᠲᠷᠤᠨ ᠵᠤᠷ ᠦᠭᠬᠦ ᠵᠡᠷᠭᠡ ᠤᠨᠤᠰᠢᠯᠠᠨ ᠵᠠᠰᠠᠬᠤ ᠦᠢᠯᠡᠴᠢᠯᠡᠭᠡ ᠬᠠᠩᠭᠠᠬᠤ ᠪᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号