ᠥᠪᠡᠷᠲᠡᠭᠡᠨ ᠵᠠᠰᠠᠬᠤ ᠣᠷᠣᠨ ᠤ ᠣᠨᠳᠣᠣ ᠭᠠᠵᠠᠷ ᠨᠡᠭᠦᠯᠭᠡᠵᠦ ᠶᠠᠳᠠᠭᠤ ᠶᠢ ᠲᠡᠳᠬᠦᠬᠦ ᠠᠵᠢᠯ ᠤᠨ ᠭᠤᠷᠪᠠᠳᠡᠬᠢ ᠡᠲᠡᠭᠡᠳ ᠤᠨ  ᠬᠢᠨᠠᠨ ᠪᠠᠶᠢᠴᠠᠭᠠᠬᠤ ᠳᠤᠭᠤᠶᠢᠯᠠᠩ ᠬᠢᠩᠭᠠᠨ ᠠᠶᠢᠮᠠᠭ ᠲᠤ ᠬᠦᠷᠴᠦ ᠬᠢᠨᠠᠨ ᠵᠢᠯᠣᠭᠤᠳᠴᠤ ᠪᠠᠶᠢᠴᠠᠭᠠᠪᠠ
ᠨᠡᠶᠢᠲᠡᠯᠡᠭᠰᠡᠨ ᠴᠠᠭ᠄
2017/5/26
     5 ᠳ᠋ᠤᠭᠠᠷ ᠰᠠᠷ᠎ᠠ ᠶᠢᠨ19᠎ ᠤ ᠡᠳᠦᠷ ᠠᠴᠠ 20᠎ ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠣᠨᠳᠣᠣ ᠭᠠᠵᠠᠷ ᠨᠡᠭᠦᠯᠭᠡᠵᠦ ᠶᠠᠳᠠᠭᠤ ᠶᠢ ᠲᠡᠳᠬᠦᠬᠦ ᠪᠡᠯᠡ ᠮᠥᠩᠭᠦ ᠥᠭᠭᠦᠭᠰᠡᠨ ᠪᠠᠶᠢᠳᠠᠯ ᠢ ᠭᠤᠷᠪᠠᠳᠡᠬᠢ ᠡᠲᠡᠭᠡᠳ ᠤᠨ ᠬᠢᠨᠠᠨ ᠪᠠᠶᠢᠴᠠᠭᠠᠬᠤ ᠳᠤᠭᠤᠶᠢᠯᠠᠩ ᠬᠢᠩᠭᠠᠨ ᠠᠶᠢᠮᠠᠭ ᠲᠤ ᠬᠦᠷᠴᠦ ᠬᠢᠨᠠᠨ ᠪᠠᠶᠢᠴᠠᠭᠠᠵᠠᠶ᠃ ᠬᠢᠨᠠᠨ ᠪᠠᠶᠢᠴᠠᠭᠠᠬᠤ ᠳᠤᠭᠤᠶᠢᠯᠠᠩ ᠪᠦᠬᠦ ᠠᠶᠢᠮᠠᠭ ᠤᠨ ᠡᠯ᠎ᠡ ᠬᠤᠰᠢᠭᠤ ᠰᠢᠶᠠᠨ ᠬᠤᠲᠠ ᠶᠢᠨ ᠣᠨᠳᠣᠣ ᠭᠠᠵᠠᠷ ᠨᠡᠭᠦᠯᠭᠡᠵᠦ ᠶᠠᠳᠠᠭᠤ ᠶᠢ ᠲᠡᠳᠬᠦᠬᠦ ᠪᠡᠯᠡ ᠮᠥᠩᠭᠦ ᠶᠢ ᠣᠯᠭᠤᠭᠰᠠᠨ ᠪᠠᠶᠢᠳᠠᠯ ᠢ ᠬᠢᠨᠠᠨ ᠪᠠᠶᠢᠴᠠᠭᠠᠭᠰᠠᠨ ᠮᠦᠷᠲᠡᠭᠡᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠪᠣᠯᠤᠨ ᠲᠦᠴᠢᠦᠸᠠᠨ ᠰᠢᠶᠠᠨ ᠳᠤ ᠬᠦᠷᠴᠦ ᠬᠢᠨᠠᠨ ᠪᠠᠶᠢᠴᠠᠭᠠᠵᠠᠢ᠃       ᠲᠤᠰ ᠤᠳᠠᠭᠠᠨ ᠤ ᠬᠢᠨᠠᠨ ᠪᠠᠶᠢᠴᠠᠭᠠᠬᠤ ᠠᠵᠢᠯ ᠨᠢ ᠣᠨᠳᠣᠣ ᠭᠠᠵᠠᠷ ᠲᠤ ᠨᠡᠭᠦᠯᠭᠡᠵᠦ ᠶᠠᠳᠠᠭᠤ ᠶᠢ ᠲᠡᠳᠬᠦᠬᠦ ᠬᠤᠰᠢᠭᠤ ᠰᠢᠶᠠᠨ ᠤ ᠲᠥᠷᠥᠯ ᠵᠦᠢᠯ ᠢ ᠬᠡᠷᠡᠭᠵᠢᠭᠦᠯᠬᠦ ᠭᠤᠣᠯ ᠴᠣᠭᠴᠠ ᠶᠢᠨ ᠪᠡᠯᠡ ᠮᠥᠩᠭᠦ ᠣᠯᠭᠤᠬᠤ ᠶᠠᠪᠤᠴᠠ ᠳᠤ ᠣᠷᠣᠰᠢᠵᠤ ᠪᠠᠶᠢᠭ᠎ᠠ ᠠᠰᠠᠭᠤᠳᠠᠯ ᠤᠳ ᠢ ᠦᠨᠡᠨᠬᠦ ᠰᠢᠢᠳᠪᠦᠷᠢᠯᠡᠵᠦ᠂ ᠲᠦᠷᠦᠯ ᠵᠦᠢᠯ ᠤᠨ ᠪᠡᠯᠡ ᠮᠥᠩᠭᠦ ᠶᠢ ᠣᠯᠭᠤᠬᠤ ᠠᠬᠢᠴᠠ ᠶᠢ ᠲᠥᠷᠭᠡᠳᠬᠡᠨ᠂ ᠲᠠᠪᠴᠠᠩ ᠪᠣᠯᠣᠨ ᠪᠡᠯᠡ ᠮᠥᠩᠭᠦ ᠶᠢᠨ ᠬᠠᠮᠢᠶᠠᠷᠤᠯᠲᠠ ᠶᠢ ᠵᠢᠷᠤᠮᠵᠢᠭᠤᠯᠬᠤ ᠶᠢᠨ ᠲᠥᠯᠥᠭᠡ ᠶᠤᠮ᠃ ᠬᠢᠨᠠᠨ ᠪᠠᠶᠢᠴᠠᠭᠠᠬᠤ ᠳᠤᠭᠤᠶᠢᠯᠠᠩ ᠶᠠᠷᠢᠯᠴᠠᠬᠤ ᠬᠤᠷᠠᠯ ᠬᠢᠬᠦ᠂ ᠰᠤᠷᠪᠤᠯᠵᠢᠯᠠᠬᠤ᠂ ᠲᠤᠬᠠᠶ ᠶᠢᠨ ᠭᠠᠵᠠᠷ ᠲᠤᠨᠢ ᠬᠦᠷᠴᠦ ᠪᠠᠶᠢᠴᠠᠭᠠᠨ ᠦᠵᠡᠬᠦ᠂ ᠬᠤᠰᠢᠭᠤ ᠰᠢᠶᠠᠨ ᠤ ᠪᠡᠯᠡ ᠮᠥᠩᠭᠦ ᠴᠤᠭᠯᠠᠭᠤᠯᠤᠭᠰᠠᠨ ᠪᠠ ᠣᠯᠭᠤᠭᠰᠠᠨ ᠬᠤᠯᠪᠣᠭᠳᠠᠯ ᠪᠦᠭᠦᠢ ᠭᠡᠷᠡᠴᠢ ᠪᠠᠷᠢᠮᠲᠠ ᠵᠢᠴᠢ ᠲᠠᠩᠰᠠ ᠡᠪᠬᠡᠮᠡᠯ ᠤᠨ ᠮᠠᠲ᠋ᠧᠷᠢᠶᠠᠯ ᠤᠳ ᠢ ᠪᠠᠶᠢᠴᠠᠭᠠᠨ ᠦᠵᠡᠬᠦ᠂ ᠬᠤᠰᠢᠭᠤ ᠰᠢᠶᠠᠨ ᠤ ᠪᠡᠯᠡ ᠮᠥᠩᠭᠦ ᠴᠤᠭᠯᠠᠭᠤᠯᠤᠭᠰᠠᠨ ᠪᠠ ᠣᠯᠭᠤᠭᠰᠠᠨ ᠡᠳ᠋ ᠤᠨ ᠶᠠᠪᠤᠳᠠᠯ ᠤᠨ ᠰᠢᠶᠳᠪᠦᠷᠢᠯᠡᠯᠲᠡ ᠶᠢᠨ  ᠵᠢᠷᠤᠮᠵᠢᠯ ᠪᠣᠯᠣᠨ ᠬᠠᠤᠯᠢ ᠶᠣᠰᠣᠲᠤ ᠴᠢᠨᠠᠷ ᠢ ᠬᠢᠨᠠᠨ ᠪᠣᠳᠣᠬᠤ ᠵᠡᠷᠭᠡ ᠠᠷᠭ᠎ᠠ ᠬᠡᠯᠪᠡᠷᠢ ᠪᠠᠷ ᠲᠦᠷᠦᠯ ᠵᠦᠢᠯ ᠤᠨ ᠪᠡᠯᠡ ᠮᠥᠩᠭᠦ ᠶᠢ ᠣᠯᠭᠤᠭᠰᠠᠨ ᠪᠠᠶᠢᠳᠠᠯ ᠢ ᠭᠤᠣᠯᠳᠠᠯᠭ᠎ᠠ ᠲᠠᠢ ᠵᠠᠳᠠᠯᠤᠨ ᠰᠢᠨᠵᠢᠯᠡᠵᠦ᠂ ᠪᠤᠰᠤᠳ  ᠬᠠᠮᠢᠶ᠎ᠠ ᠪᠦᠬᠦᠢ ᠬᠤᠰᠢᠭᠤ ᠰᠢᠶᠠᠨ ᠳᠤ  ᠲᠥᠪᠯᠡᠷᠡᠭᠦᠯᠦᠨ ᠬᠢᠨᠠᠬᠤ ᠪᠣᠳᠣᠬᠤ ᠠᠷᠭ᠎ᠠ ᠠᠪᠴᠤ ᠬᠢᠨᠠᠨ ᠪᠠᠶᠢᠴᠠᠭᠠᠪᠠ᠃ ᠬᠢᠨᠠᠨ ᠪᠠᠶᠢᠴᠠᠭᠠᠬᠤ ᠳᠤᠭᠤᠶᠢᠯᠠᠩ ᠨᠢ ᠬᠢᠩᠭᠠᠨ ᠠᠶᠢᠮᠠᠭ ᠤᠨ 2017 ᠣᠨ ᠤ ᠣᠨᠳᠣᠣ ᠭᠠᠵᠠᠷ ᠨᠡᠭᠦᠯᠭᠡᠵᠦ ᠶᠠᠳᠠᠭᠤ ᠶᠢ ᠲᠡᠳᠬᠦᠬᠦ ᠢᠨᠵᠧᠨᠧᠷᠢᠩ ᠤᠨ ᠲᠥᠪᠯᠡᠷᠡᠭᠦᠯᠦᠨ ᠲᠥᠪᠬᠢᠨᠡᠭᠦᠯᠬᠦ ᠴᠢᠭ᠋ ᠤᠨ ᠪᠠᠷᠢᠯᠭ᠎ᠠ ᠡᠬᠢᠯᠡᠭᠦᠯᠦᠭᠰᠡᠨ ᠪᠠᠶᠢᠳᠠᠯ᠂ 2017 ᠣᠨ ᠤ ᠣᠨᠳᠣᠣ ᠭᠠᠵᠠᠷ ᠨᠡᠭᠦᠯᠭᠡᠵᠦ ᠶᠠᠳᠠᠭᠤ ᠶᠢ ᠲᠡᠳᠬᠦᠬᠦ ᠬᠡᠷᠡᠭᠵᠢᠭᠦᠯᠦᠯᠲᠡ ᠶᠢᠨ ᠲᠥᠰᠦᠯ ᠢ ᠨᠠᠶᠢᠷᠠᠭᠤᠯᠤᠨ ᠵᠣᠬᠢᠶᠠᠭᠰᠠᠨ᠂ ᠮᠡᠳᠡᠭᠦᠯᠦᠨ ᠬᠥᠷᠭᠡᠭᠰᠡᠨ ᠪᠠᠶᠢᠳᠠᠯ᠂ ᠲᠥᠷᠥᠯ ᠵᠦᠢᠯ ᠢ ᠬᠡᠷᠡᠭᠵᠢᠭᠦᠯᠬᠦ ᠭᠤᠣᠯ ᠴᠣᠭᠴᠠ ᠶᠢᠨ ᠲᠠᠪᠴᠠᠩ ᠢ ᠪᠦᠲᠦᠭᠡᠨ ᠪᠠᠶᠢᠭᠤᠯᠤᠭᠰᠠᠨ ᠪᠠᠶᠢᠳᠠᠯ  ᠵᠢᠴᠢ 2016 ᠣᠨ ᠠᠴᠠ ᠨᠠᠰᠢ᠂ ᠲᠥᠷᠥᠯ ᠵᠦᠢᠯ ᠢ ᠬᠡᠷᠡᠭᠵᠢᠭᠦᠯᠬᠦ ᠭᠤᠣᠯ ᠴᠣᠭᠴᠠ ᠶᠢᠨ ᠪᠡᠯᠡ ᠮᠥᠩᠭᠦ ᠴᠤᠭᠯᠠᠭᠤᠯᠤᠯᠲᠠ ᠪᠣᠯᠤᠨ ᠲᠣᠭᠠᠴᠠᠭᠠᠨ ᠤ ᠰᠢᠰᠲ᠋ᠧᠮᠵᠢ ᠶᠢᠨ ᠪᠠᠶᠢᠳᠠᠯ᠂ ᠬᠤᠰᠢᠭᠤ ᠰᠢᠶᠠᠨ ᠤ ᠪᠡᠯᠡ ᠮᠥᠩᠭᠦ ᠣᠯᠭᠤᠭᠰᠠᠨ ᠪᠠᠶᠢᠳᠠᠯ ᠳᠤ ᠭᠤᠣᠯᠳᠠᠯᠭ᠎ᠠ ᠲᠠᠢ ᠪᠠᠶᠢᠴᠠᠭᠠᠯᠲᠠ ᠬᠢᠪᠡ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号