ᠦᠪᠡᠷᠲᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠎ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠭᠤᠴᠢᠨ ᠭᠤᠷᠪᠠᠳᠤᠭᠠᠷ ᠬᠤᠷᠠᠯ ᠭᠤᠷᠪᠠᠳᠤᠭᠠᠷ ᠤᠳᠠᠭ᠎ᠠ ᠶᠢᠨ ᠪᠦᠭᠦᠳᠡ ᠬᠤᠷᠠᠯ ᠬᠢᠪᠠ
ᠨᠡᠶᠢᠲᠡᠯᠡᠭᠰᠡᠨ ᠴᠠᠭ᠄
2017/5/27
      5 ᠳ᠋ᠤᠭᠠᠷ ᠰᠠᠷ᠎ᠠ ᠶᠢᠨ 26᠎ ᠤ ᠡᠳᠦᠷ ᠤᠨ ᠦᠳᠡ ᠶᠢᠨ ᠬᠤᠶᠢᠨ᠎ᠠ᠂ ᠦᠪᠡᠷᠳᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠭᠤᠴᠢᠨ ᠭᠤᠷᠪᠠᠳᠤᠭᠠᠷ ᠬᠤᠷᠠᠯ ᠭᠤᠷᠪᠠᠳᠤᠭᠠᠷ ᠤᠳᠠᠭ᠎ᠠ ᠶᠢᠨ ᠪᠦᠭᠦᠳᠡ ᠬᠤᠷᠠᠯ ᠬᠢᠪᠠ᠃ ᠦᠪᠡᠷᠳᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠪᠦᠷᠢᠯᠳᠦᠭᠦᠨ ᠣᠳᠣ 63 ᠬᠦᠮᠦᠨ ᠪᠣᠢ᠂ 52 ᠬᠦᠮᠦᠨ ᠨᠢ ᠲᠤᠰ ᠣᠳᠠᠭ᠎ᠠ ᠶᠢᠨ ᠬᠤᠷᠠᠯ ᠳᠤ ᠤᠷᠤᠯᠴᠠᠵᠦ᠂ ᠬᠠᠤᠯᠢ ᠳᠤ ᠲᠤᠬᠳᠠᠭᠠᠬᠰᠠᠨ ᠬᠦᠮᠦᠨ ᠤ ᠲᠤᠭ᠎ᠠ ᠳᠤ ᠨᠡᠶᠢᠴᠡᠪᠡ᠃      ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠪᠠᠶᠢᠡᠭᠭᠤ ᠶᠢᠨ ᠲᠡᠳ᠋ ᠡᠷᠬᠢᠯᠡᠭᠴᠢ ᠬᠤᠷᠴᠡ ᠭᠤᠷᠪᠠᠳᠤᠭᠠᠷ ᠤᠳᠠᠭ᠎ᠠ ᠶᠢᠨ ᠪᠦᠭᠦᠳᠡ ᠬᠤᠷᠠᠯ ᠢ ᠡᠷᠬᠢᠯᠡᠪᠠ᠃ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠲᠡᠳ᠋ ᠡᠷᠬᠢᠯᠡᠭᠴᠢ ᠳ᠋ᠥ᠋ ᠽᠢ᠂ ᠨᠠᠰᠤᠨᠮᠦ᠋ᠡᠭᠭᠡ᠂ ᠸᠠᠩ ᠢᠤᠢ ᠮᠢᠩ᠂ ᠬᠠᠨᠭ᠌ ᠬᠦᠢ ᠯᠢᠨ᠂ ᠡᠤ ᠲᠤᠸᠠᠨ ᠶᠢᠩ᠂ ᠯᠢ ᠷᠦᠡᠭ ᠰᠢ᠂ ᠯᠢᠶᠠᠨ ᠰᠤ᠋᠂ ᠨᠠᠷᠢᠨ ᠪᠢᠴᠢᠭ ᠤᠨ ᠲᠠᠷᠤᠭ᠎ᠠ ᠰᠦᠨ ᠬᠤᠢ ᠮᠢᠨ ᠪᠠ ᠪᠠᠶᠢᠡᠭᠭᠤ ᠶᠢᠨ ᠬᠤᠷᠢᠶ᠎ᠠ ᠶᠢᠨ ᠭᠡᠰᠢᠭᠦᠳ ᠬᠤᠷᠠᠯ ᠳᠤ ᠤᠷᠤᠯᠴᠠᠵᠠᠢ᠃      ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠭᠦᠯᠡᠭᠴᠢ ᠴᠠᠩ ᠵᠢᠶᠦ᠋ᠨ ᠵᠸᠡᠭ᠂ ᠦᠪᠡᠷᠳᠡᠭᠡᠨ ᠵᠠᠰᠠᠬᠤ ᠤᠷᠤᠨ ᠎ ᠤ ᠠᠷᠠᠳ ᠤᠨ ᠦᠨᠳᠤᠷ ᠵᠡᠷᠭᠡ ᠶᠢᠨ ᠰᠢᠭᠦᠭᠦ ᠬᠤᠷᠢᠶ᠎ᠠ ᠶᠢᠨ ᠲᠠᠷᠤᠭ᠎ᠠ ᠬᠤ᠋ ᠢ ᠹᠸᠡᠭ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠲᠠᠷᠤᠭ᠎ᠠ ᠮᠠ ᠶᠦᠡᠭ ᠱᠸᠡᠭ ᠬᠤᠷᠠᠯ ᠳᠤ ᠰᠤᠯᠠ ᠤᠷᠤᠯᠴᠠᠵᠠᠢ᠃      ᠬᠤᠷᠠᠯ ᠠᠴᠠ᠂ ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠶᠤᠯ ᠦᠭᠡᠢ ᠦᠢᠯᠡᠳᠪᠦᠷᠢᠯᠡᠯ ᠎ ᠤᠨ ᠲᠦᠷᠢᠮ︾ ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠪᠤᠳᠠᠰ ᠤᠨ ᠪᠤᠰᠤ ᠰᠤᠶᠤᠯ ᠤᠨ ᠦᠪ ᠎ ᠢ ᠬᠠᠮᠠᠭᠠᠯᠠᠬᠤ ᠲᠦᠷᠢᠮ︾ ︽︿ᠤᠯᠠᠭᠠᠨᠬᠠᠳᠠ ᠬᠤᠳᠠ ᠶᠢᠨ ᠪᠡᠯᠴᠢᠭᠡᠷᠯᠡᠭᠦᠯᠭᠦ ᠶᠢ ᠵᠤᠬᠰᠤᠭᠠᠨ ᠰᠡᠯᠭᠦᠨ ᠮᠠᠯᠵᠢᠬᠤ ᠪᠠ ᠮᠠᠯ ᠪᠡᠯᠴᠢᠭᠡᠷ ᠤᠨ ᠲᠡᠩᠴᠡᠭᠦᠷᠢ ᠶᠢ ᠪᠠᠳᠣᠯᠠᠬᠤ ᠲᠦᠷᠢᠮ﹀᠎ ᠢ ᠵᠦᠪᠰᠢᠶᠡᠷᠡᠭᠦ ᠲᠤᠬᠠᠢ ᠦᠪᠤᠷ ᠮᠤᠩᠭᠤᠯ ᠤᠨ ᠦᠪᠡᠷᠳᠡᠭᠡᠨ ᠵᠠᠰᠬᠠᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠰᠢᠢᠳᠪᠤᠷᠢ︾ ︽︿ᠤᠯᠠᠭᠠᠨᠴᠠᠪ ᠬᠤᠳᠠ ᠶᠢᠨ ᠬᠤᠳᠠ ᠬᠦᠳᠡᠭᠡ ᠶᠢᠨ ᠲᠦᠯᠦᠪᠵᠢᠭᠦᠯᠭᠡ ᠬᠠᠮᠢᠶᠠᠷᠤᠯᠳᠠ ᠶᠢᠨ ᠲᠦᠷᠢᠮ﹀᠎ ᠢ ᠵᠦᠪᠰᠢᠶᠡᠷᠡᠭᠦ ᠲᠤᠬᠠᠢ ᠦᠪᠤᠷ ᠮᠤᠩᠭᠤᠯ ᠤᠨ ᠦᠪᠡᠷᠳᠡᠭᠡᠨ ᠵᠠᠰᠬᠠᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠰᠢᠢᠳᠪᠤᠷᠢ︾ ︽︿ᠮᠤᠷᠢᠨᠳᠠᠪᠠᠭ᠎ᠠ ᠶᠢᠨ ᠲᠠᠭᠤᠷ ᠦᠨᠳᠦᠰᠦᠳᠡᠨ ᠤ ᠦᠪᠡᠷᠳᠡᠭᠡᠨ ᠵᠠᠰᠠᠬᠤ ᠬᠤᠰᠢᠭᠤᠨ ᠤ ᠴᠠᠭᠠᠭᠤᠷ ᠤᠨ ᠭᠠᠮᠰᠢᠭ ᠢ ᠰᠡᠷᠭᠡᠶᠢᠯᠡᠭᠦ ᠲᠦᠷᠢᠮ﹀᠎ ᠢ ᠵᠦᠪᠰᠢᠶᠡᠷᠡᠭᠦ ᠲᠤᠬᠠᠢ ᠦᠪᠤᠷ ᠮᠤᠩᠭᠤᠯ ᠤᠨ ᠦᠪᠡᠷᠳᠡᠭᠡᠨ ᠵᠠᠰᠬᠠᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠰᠢᠢᠳᠪᠤᠷᠢ︾ ︽︿ᠡᠸᠡᠩᠭᠢ ᠦᠨᠳᠦᠰᠦᠳᠡᠨ ᠤ ᠦᠪᠡᠷᠳᠡᠭᠡᠨ ᠵᠠᠰᠠᠬᠤ ᠬᠤᠰᠢᠭᠤᠨ ᠤ ᠨᠤᠭᠤ ᠭᠠᠵᠠᠷ ᠤᠨ ᠬᠠᠮᠠᠭᠠᠯᠠᠯᠳᠠ ᠶᠢᠨ ᠲᠦᠷᠢᠮ﹀᠎ ᠢ ᠵᠦᠪᠰᠢᠶᠡᠷᠡᠭᠦ ᠲᠤᠬᠠᠢ ᠦᠪᠤᠷ ᠮᠤᠩᠭᠤᠯ ᠤᠨ ᠦᠪᠡᠷᠳᠡᠭᠡᠨ ᠵᠠᠰᠬᠠᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠰᠢᠢᠳᠪᠤᠷᠢ︾ ︽2017 ᠎ ᠤᠨ ᠤ ᠦᠪᠡᠷᠳᠡᠭᠡᠨ ᠵᠠᠰᠠᠬᠤ ᠤᠷᠤᠨ ᠤ ᠲᠤᠰ ᠱᠠᠳᠤᠨ ᠤ ᠲᠦᠰᠦᠪ ᠲᠤ ᠲᠤᠬᠢᠷᠠᠭᠤᠯᠣᠯᠳᠠ ᠬᠢᠬᠦ ᠲᠦᠰᠦᠯ ᠢ ᠵᠦᠪᠰᠢᠶᠡᠷᠡᠭᠦ ᠲᠤᠬᠠᠢ ᠦᠪᠤᠷ ᠮᠤᠩᠭᠤᠯ ᠤᠨ ᠦᠪᠡᠷᠳᠡᠭᠡᠨ ᠵᠠᠰᠬᠠᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠰᠢᠢᠳᠪᠤᠷᠢ︾᠎ ᠶᠢ ᠪᠠᠳᠤᠯᠠᠪᠠ᠃      ᠬᠤᠷᠠᠯ ᠠᠴᠠ ᠪᠠᠰᠠ ᠦᠪᠡᠷᠳᠡᠭᠡᠨ ᠵᠠᠰᠬᠠᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠵᠢᠷᠭᠤᠳᠤᠭᠠᠷ ᠬᠤᠷᠠᠯ ᠤᠨ ᠲᠡᠷᠢᠭᠦᠯᠡᠭᠴᠢᠳ ᠤᠨ ᠪᠦᠯᠭᠦᠮ ᠠᠴᠠ ᠲᠤᠰᠢᠶᠠᠬᠰᠠᠨ 1— 8 ᠳ᠋ᠤᠭᠠᠷ ᠳᠣᠭᠠᠳᠣ ᠰᠠᠨᠠᠯ ᠵᠦᠪᠯᠡᠯᠭᠡ ᠶᠢ ᠰᠢᠢᠳᠪᠤᠷᠢᠯᠡᠬᠦ ᠰᠠᠨᠠᠯ ᠤᠨ ᠳᠣᠬᠠᠢ ᠮᠡᠳᠡᠭᠦᠯᠦᠯᠳᠡ ᠪᠠ ᠠᠵᠢᠯᠳᠠᠨ ᠤ ᠶᠠᠪᠤᠳᠠᠯ ᠤᠨ ᠲᠤᠰᠢᠶᠠᠯ ᠳᠤ ᠲᠤᠮᠢᠯᠠᠬᠤ ᠪᠠ ᠲᠤᠰᠢᠶᠠᠯ ᠠᠴᠠ ᠨᠢ ᠪᠠᠭᠤᠯᠭᠠᠬᠤ ᠵᠦᠢᠯᠡᠰ ᠢ ᠪᠠᠳᠤᠯᠠᠪᠠ᠃      ᠬᠤᠷᠠᠯ ᠠᠴᠠ ᠵᠢᠭᠠᠵᠦ ᠭᠠᠷᠭᠠᠬᠰᠠᠨ ᠨᠢ᠂ ᠬᠠᠤᠯᠢ ᠶᠤᠰᠤᠭᠠᠷ ᠰᠠᠨᠠᠯ ᠵᠦᠪᠯᠡᠯᠭᠡ ᠲᠤᠷᠠᠳᠬᠤ ᠪᠤᠯ ᠠᠷᠠᠳ ᠤᠨ ᠲᠦᠯᠦᠭᠡᠯᠡᠭᠴᠢ ᠶᠢᠨ ᠬᠠᠤᠯᠢ ᠳᠤ ᠲᠤᠬᠳᠠᠭᠠᠬᠰᠠᠨ ᠲᠤᠰᠢᠶᠠᠯ ᠡᠷᠭᠡ ᠪᠣᠯᠣᠨ᠎ᠠ᠃ ᠲᠦᠯᠦᠭᠡᠯᠡᠭᠴᠢ ᠶᠢᠨ ᠰᠠᠨᠠᠯ ᠵᠦᠪᠯᠡᠯᠭᠡ ᠶᠢ ᠰᠢᠢᠳᠪᠤᠷᠢᠯᠡᠭᠦ ᠪᠤᠯ ᠲᠦᠷᠦ ᠶᠢᠨ ᠪᠠᠶᠢᠭᠤᠯᠭ᠎ᠠ ᠪᠠ ᠡᠯ᠎ᠠ ᠬᠠᠮᠢᠶ᠎ᠠ ᠪᠦᠭᠦᠢ ᠲᠠᠯ᠎ᠠ ᠶᠢᠨ ᠬᠠᠤᠯᠢ ᠳᠤ ᠲᠤᠬᠳᠠᠭᠠᠬᠰᠠᠨ ᠬᠠᠷᠢᠭᠤᠴᠠᠯᠭ᠎ᠠ ᠪᠣᠯᠣᠨ᠎ᠠ᠃ ᠬᠤᠷᠠᠯ ᠤᠨ ᠬᠤᠭᠤᠴᠠᠭᠠᠨ ᠳᠤ ᠪᠠᠶᠢᠩᠭᠤ ᠶᠢᠨ ᠬᠤᠷᠢᠶ᠎ᠠ ᠶᠢᠨ ᠪᠦᠷᠢᠯᠳᠦᠭᠦᠨ ᠨᠠᠷ ᠬᠠᠮᠢᠶ᠎ᠠ ᠪᠦᠭᠦᠢ ᠬᠠᠤᠯᠢ ᠳᠣᠭᠳᠠᠭᠠᠯ᠂ ᠰᠠᠨᠠᠯ ᠵᠦᠪᠯᠡᠯᠭᠡ᠂ ᠮᠡᠳᠡᠭᠦᠯᠦᠯᠳᠡ ᠢᠯᠡᠳᠭᠡᠯ ᠳᠤ ᠳᠣᠷᠠᠳᠣᠭᠰᠠᠨ ᠴᠢᠬᠤᠯᠠ ᠬᠢᠨᠠᠨ ᠵᠦᠪᠯᠡᠭᠰᠡᠨ ᠰᠠᠨᠠᠯ ᠢ ᠡᠷᠬᠢᠯᠡᠭᠴᠢᠳ ᠤᠨ ᠬᠤᠷᠠᠯ ᠤᠨ ᠪᠦᠷᠢᠯᠳᠦᠭᠦᠨ ᠲᠡᠭᠡᠳᠤ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠬᠠᠮᠢᠶ᠎ᠠ ᠪᠦᠭᠦᠢ ᠠᠵᠢᠯ ᠤᠨ ᠵᠦᠪᠯᠡᠯ ᠲᠠᠢ ᠴᠠᠬ ᠲᠤᠬᠠᠢ ᠳᠤᠨᠢ ᠰᠤᠳᠤᠯᠵᠦ᠂ ᠬᠢᠨᠠᠨ ᠵᠦᠪᠯᠡᠭᠰᠡᠨ ᠰᠠᠨᠠᠯ ᠢ ᠰᠢᠢᠳᠪᠤᠷᠢᠯᠡᠭᠦ ᠲᠤᠬᠠᠢ ᠵᠣᠬᠢᠴᠠᠩᠭᠤᠢ ᠨᠠᠶᠢᠳᠠᠪᠤᠷᠢᠵᠢᠭᠤᠯᠬᠤ ᠰᠠᠨᠠᠯ ᠲᠤᠷᠠᠳᠪᠠ    ᠭᠡᠵᠡᠢ᠃      ᠬᠤᠷᠠᠯ ᠠᠴᠠ ᠴᠢᠬᠤᠯᠠᠴᠢᠯᠠᠬᠰᠠᠨ ᠨᠢ᠂ ᠲᠤᠰ ᠣᠳᠠᠭ᠎ᠠ ᠶᠢᠨ ᠬᠤᠷᠠᠯ ᠠᠴᠠ ᠦᠪᠡᠷᠳᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠵᠢᠷᠭᠤᠳᠤᠭᠠᠷ ᠬᠤᠷᠠᠯ ᠤᠨ ᠲᠡᠷᠢᠭᠦᠯᠡᠭᠴᠢᠳ ᠤᠨ ᠪᠦᠯᠬᠦᠮ ᠠᠴᠠ ᠲᠤᠰᠢᠶᠠᠬᠰᠠᠨ 8 ᠰᠠᠨᠠᠯ ᠵᠦᠪᠯᠡᠯᠭᠡ ᠶᠢ ᠰᠢᠢᠳᠪᠤᠷᠢᠯᠡᠬᠦ ᠰᠠᠨᠠᠯ ᠎ ᠤᠨ ᠳᠣᠬᠠᠢ ᠮᠡᠳᠡᠭᠦᠯᠦᠯᠳᠡ ᠶᠢ ᠬᠢᠨᠠᠨ ᠵᠦᠪᠯᠡᠵᠦ᠂ ᠪᠦᠷᠢᠯᠳᠦᠭᠦᠨ ᠨᠠᠷ ᠤᠨ ᠰᠠᠨᠠᠯ ᠰᠠᠨᠠᠭᠤᠯᠭ᠎ᠠ ᠶᠢ ᠬᠤᠷᠢᠶᠠᠩᠭᠤᠶᠢᠯᠠᠵᠦ᠂ ᠰᠠᠨᠠᠯ ᠵᠦᠪᠯᠡᠯᠭᠡ ᠶᠢ ᠠᠳᠠᠯᠢ ᠪᠤᠰᠤ ᠬᠡᠯᠪᠡᠷᠢ ᠪᠠᠷ ᠲᠤᠰᠪᠤᠷᠢ ᠰᠢᠢᠳᠪᠤᠷᠢᠯᠡᠭᠦ ᠬᠡᠷᠡᠭᠳᠡᠢ   ᠬᠡᠪᠡ᠃      ᠬᠤᠷᠠᠯ ᠠᠴᠠ ᠱᠠᠭᠠᠷᠳᠠᠬᠰᠠᠨ ᠨᠢ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠬ ᠤᠨ ᠤᠷᠳᠤᠨ ᠪᠠ ᠬᠠᠮᠢᠶ᠎ᠠ ᠪᠦᠭᠦᠢ ᠰᠠᠯᠠᠭ᠎ᠠ ᠮᠦᠴᠢᠷ ᠬᠠᠤᠯᠢ ᠳᠣᠭᠳᠠᠭᠠᠯ ᠢ ᠤᠬᠠᠭᠤᠯᠣᠨ ᠲᠤᠤᠱᠯᠠᠭᠤᠯᠬᠤ ᠠᠵᠢᠯ ᠢ ᠲᠠᠷᠤᠶᠢᠬᠠᠨ ᠰᠠᠶᠢᠳᠤᠷ ᠬᠢᠵᠦ᠂ ᠬᠠᠤᠯᠢ ᠳᠣᠭᠳᠠᠭᠠᠯ ᠤᠨ ᠪᠦᠲᠦᠮᠵᠢᠳᠠᠢ ᠬᠡᠷᠡᠭᠵᠢᠭᠦᠯᠦᠭᠳᠡᠭᠦ ᠶᠢ ᠪᠠᠳᠤᠯᠠᠬᠤ ᠬᠡᠷᠡᠭᠳᠡᠢ᠃ ᠦᠪᠡᠷᠳᠡᠭᠡᠨ ᠵᠠᠰᠬᠠᠤ ᠤᠷᠤᠨ ᠤ ᠠᠷᠠᠳ ‍ᠦᠨ‌ᠵᠠᠰᠠᠬ ᠤᠨ ᠤᠷᠳᠤᠨ ᠲᠦᠰᠦᠪ ᠤᠨ ᠬᠠᠤᠯᠢ ᠶᠢᠨ ᠲᠤᠬᠳᠠᠭᠠᠯ ᠢ ᠴᠢᠩᠭ᠎ᠠ ᠵᠢᠷᠤᠮᠯᠠᠵᠦ᠂ ᠰᠢᠨ᠎ᠠ ᠪᠠᠷ ᠨᠡᠮᠡᠭᠳᠡᠭᠰᠡᠨ ᠪᠡᠯᠡ ᠮᠦᠡᠭᠭᠦ ᠶᠢ ᠲᠤᠬᠢᠷᠠᠭᠤᠯᠣᠨ ᠬᠡᠷᠡᠭᠯᠡᠭᠦ ᠠᠵᠢᠯ ᠢ ᠬᠢᠨᠠᠮᠠᠭᠠᠢ ᠰᠠᠶᠢᠳᠤᠷ ᠬᠢᠵᠦ᠂ ᠪᠡᠯᠡ ᠮᠦᠡᠭᠭᠦ ᠶᠢ ᠬᠡᠷᠡᠭᠯᠡᠭᠦ ᠦᠷ᠎ᠡ ᠠᠰᠢᠭ ᠢ ᠦᠨᠡᠨᠭᠦ ᠲᠡᠭᠡᠭᠰᠢᠯᠡᠭᠦᠯᠭᠦ ᠬᠡᠷᠡᠭᠳᠡᠢ ᠬᠡᠪᠡ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号