ᠪᠠᠷᠠᠭᠤᠨ ᠣᠷᠣᠨ ᠳᠤ ᠦᠢᠯᠡᠴᠢᠯᠡᠬᠦ ᠲᠥᠯᠥᠪᠯᠡᠭᠡ ᠳᠤ ᠰᠠᠶᠢᠨ ᠳᠤᠷᠠᠴᠤᠳ ᠢ ᠲᠤᠮᠢᠯᠠᠬᠤ ᠡᠯᠰᠡᠯᠲᠡ ᠳᠤ ᠨᠡᠷ᠎ᠡ ᠮᠡᠳᠡᠭᠦᠯᠵᠦ ᠡᠬᠢᠯᠡᠪᠡ
ᠨᠡᠶᠢᠲᠡᠯᠡᠭᠰᠡᠨ ᠴᠠᠭ᠄
2017/5/27
     2017 ᠣᠨ ᠤ ᠪᠠᠷᠠᠭᠤᠨ ᠣᠷᠣᠨ ᠳᠤ ᠦᠢᠯᠡᠴᠢᠯᠡᠬᠦ ᠲᠥᠯᠥᠪᠯᠡᠭᠡ ᠳᠤ ᠰᠠᠶᠢᠨ ᠳᠤᠷᠠᠴᠤᠳ ᠢ ᠲᠤᠮᠢᠯᠠᠬᠤ ᠡᠯᠰᠡᠯᠲᠡ ᠶᠢ ᠪᠦᠬᠦ ᠤᠯᠤᠰ ᠤᠨ ᠲᠦᠷᠦᠯ ᠵᠦᠢᠯ ᠪᠠ ᠣᠷᠣᠨ ᠨᠤᠲᠤᠭ ᠤᠨ ᠲᠦᠷᠦᠯ ᠵᠦᠢᠯ ᠭᠡᠵᠦ ᠬᠤᠶᠠᠷ ᠬᠡᠰᠡᠭ ᠬᠤᠪᠢᠶᠠᠪᠠ᠄ ᠪᠦᠬᠦ ᠤᠯᠤᠰ ᠤᠨ ᠲᠦᠷᠦᠯ ᠵᠦᠢᠯ᠂ ᠣᠷᠣᠨ ᠨᠤᠲᠤᠭ ᠤᠨ ᠲᠦᠷᠦᠯ ᠵᠦᠢᠯ ᠤᠨ ᠡᠯᠰᠡᠬᠦ ᠡᠲᠡᠭᠡᠳ ᠪᠤᠯ ᠴᠦᠮ ᠥᠪᠥᠷ ᠮᠣᠩᠭᠤᠯ ᠤᠨ ᠡᠷᠦᠬᠡ ᠠᠮᠠ ᠪᠦᠬᠦᠢ ᠲᠤᠰ ᠬᠤᠭᠤᠴᠠᠭᠠᠨ ᠳᠤ ᠰᠤᠷᠤᠯᠭ᠎ᠠ ᠲᠡᠭᠦᠰᠦᠭᠰᠡᠳ ᠪᠤᠯᠤᠨ᠎ᠠ᠂ ᠵᠠᠷᠴᠢᠮ ᠳᠡᠭᠡᠷ᠎ᠡ ᠪᠠᠨ ᠵᠢᠩᠬᠢᠨᠢ ᠠᠩᠬᠢ ᠪᠠᠷ ᠭᠤᠣᠯ ᠪᠤᠯᠭᠠᠨ᠎ᠠ︔ ᠪᠤᠭᠤᠲᠤ ᠶᠢᠨ ᠣᠷᠣᠨ ᠨᠤᠲᠤᠭ ᠤᠨ ᠲᠦᠷᠦᠯ ᠵᠦᠢᠯ ᠨᠢ ᠮᠠᠯᠵᠢᠬᠤ ᠲᠠᠷᠢᠶᠠᠯᠠᠬᠤ ᠣᠷᠣᠨ ᠤ ᠡᠷᠦᠬᠡ ᠠᠮᠠ ᠪᠦᠬᠦᠢ ᠲᠤᠰ ᠬᠤᠭᠤᠴᠠᠭᠠᠨ ᠳᠤ ᠰᠤᠷᠤᠯᠭ᠎ᠠ ᠲᠡᠭᠦᠰᠦᠭᠰᠡᠳ ᠢᠶᠠᠷ ᠭᠤᠤᠯᠯᠠᠵᠤ᠂ ᠪᠤᠭᠤᠲᠤ ᠶᠢᠨ ᠡᠷᠦᠬᠡ ᠠᠮᠠ ᠲᠠᠢ ᠶᠢ ᠡᠩ ᠲᠡᠷᠢᠭᠦᠨ ᠳᠤ ᠡᠯᠰᠡᠨ᠎ᠡ᠃ ᠲᠣᠰ ᠡᠳᠦᠷ ᠠᠴᠠ ᠡᠬᠢᠯᠡᠨ 6 ᠳ᠋ᠤᠭᠠᠷ ᠰᠠᠷ᠎ᠠ ᠶᠢᠨ 10᠎ ᠤ ᠡᠳᠦᠷ ᠪᠣᠯᠲᠠᠯ᠎ᠠ᠂ ᠰᠢᠯᠭᠠᠭᠤᠯᠤᠭᠴᠢ ᠪᠦᠬᠦ ᠤᠯᠤᠰ ᠤᠨ ᠪᠠᠷᠠᠭᠤᠨ ᠣᠷᠣᠨ ᠳᠤ ᠦᠢᠯᠡᠴᠢᠯᠡᠬᠦ ᠲᠥᠯᠥᠪᠯᠡᠭᠡ ᠶᠢᠨ ᠠᠯᠪᠠᠨ ᠰᠦᠯᠵᠢᠶᠡᠨ ᠳᠡᠭᠡᠷ᠎ᠡ ᠪᠦᠬᠦ ᠤᠯᠤᠰ ᠤᠨ ᠰᠢᠰᠲ᠋ᠧᠮ ᠎ ᠳᠤ ᠨᠡᠷ᠎ᠡ ᠮᠡᠳᠡᠭᠦᠯᠬᠦ ᠶᠢᠨ ᠬᠠᠮᠲᠤ ︽ᠰᠠᠶᠢᠨ ᠳᠤᠷ᠎ᠠ ᠶᠢᠨ ᠳᠤᠮᠳᠠᠳᠤ ᠤᠯᠤᠰ︾᠎ ᠲᠤ ᠰᠠᠶᠢᠨ ᠳᠤᠷ᠎ᠠ ᠶᠢᠨ ᠠᠵᠢᠯᠯᠠᠭᠴᠢ ᠪᠠᠷ ᠳᠠᠩᠰᠠᠯᠠᠭᠤᠯᠵᠤ ᠪᠤᠯᠤᠨ᠎ᠠ᠃ 6 ᠳ᠋ᠤᠭᠠᠷ ᠰᠠᠷ᠎ᠠ ᠶᠢᠨ 10᠎ ᠤ ᠡᠳᠦᠷ ~ 20᠎ ᠤ ᠡᠳᠦᠷ᠂ ᠥᠪᠥᠷ ᠮᠣᠩᠭᠤᠯ ᠤᠨ ᠪᠠᠷᠠᠭᠤᠨ ᠣᠷᠣᠨ ᠳᠤ ᠦᠢᠯᠡᠴᠢᠯᠡᠬᠦ ᠲᠥᠯᠥᠪᠯᠡᠭᠡ ᠶᠢᠨ ᠰᠢᠰᠲ᠋ᠧᠮ ᠳᠤ ᠨᠡᠷ᠎ᠡ ᠮᠡᠳᠡᠭᠦᠯᠵᠦ᠂ ᠡᠯ᠎ᠡ ᠬᠤᠰᠢᠭᠤ ︵ᠰᠢᠶᠠᠨ᠂ ᠬᠤᠲᠠ᠂ ᠲᠣᠭᠤᠷᠢᠭ︶᠎ ᠶᠢᠨ ᠲᠥᠷᠥᠯ ᠵᠦᠢᠯ ᠤᠨ ᠠᠯᠪᠠᠨ ᠭᠡᠷ ᠤᠨ ᠤᠷᠢᠳᠴᠢᠯᠠᠨ ᠡᠯᠰᠡᠬᠦ ︵ᠲᠤᠬᠠᠶᠢᠯᠠᠪᠠᠯ ᠬᠤᠶᠠᠷᠳᠠᠬᠢ ᠤᠳᠠᠭᠠᠨ ᠤ ᠨᠡᠷ᠎ᠡ ᠮᠡᠳᠡᠭᠦᠯᠦᠯᠲᠡ᠂ ᠪᠣᠳᠠᠲᠠᠶ ᠦᠢᠯᠡᠴᠢᠯᠡᠬᠦ ᠭᠠᠵᠠᠷ ᠢᠶᠠᠨ ᠰᠤᠩᠭᠤᠵᠤ ᠪᠤᠯᠤᠨ᠎ᠠ︶ ᠴᠠᠭ ᠨᠢ 6 ᠳ᠋ᠤᠭᠠᠷ ᠰᠠᠷ᠎ᠠ ᠶᠢᠨ ᠳᠤᠮᠳᠠᠴᠢ ᠪᠤᠯᠤᠨ᠎ᠠ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠠᠭᠤᠨ ᠣᠷᠣᠨ ᠳᠤ ᠦᠢᠯᠡᠴᠢᠯᠡᠬᠦ ᠲᠥᠯᠥᠪᠯᠡᠭᠡ ᠶᠢᠨ ᠰᠠᠶᠢᠨ ᠳᠤᠷᠠᠴᠤᠳ ᠢ ᠪᠥᠬᠦ ᠣᠷᠣᠨ ᠤ ᠨᠢᠭᠡᠳᠦᠯᠲᠡᠶ ᠰᠢᠯᠭᠠᠯᠲᠠ ᠶᠢᠨ ᠬᠡᠯᠪᠡᠷᠢ ᠪᠠᠷ ᠰᠢᠯᠢᠨ ᠰᠣᠩᠭᠤᠵᠤ᠂ ᠰᠢᠯᠭᠠᠬᠤ ᠴᠠᠭ ᠢ 6 ᠳ᠋ᠤᠭᠠᠷ ᠰᠠᠷ᠎ᠠ ᠶᠢᠨ ᠰᠡᠭᠦᠯᠴᠢ ᠪᠠᠷ ᠲᠣᠭᠲᠠᠭᠠᠵᠤ᠂ ᠪᠢᠷ ᠤᠨ ᠰᠢᠯᠭᠠᠯᠲᠠ ᠶᠢᠨ ᠭᠠᠵᠠᠷ ᠢ ᠬᠦᠬᠡᠬᠤᠲᠠ ᠳᠤ ᠲᠣᠬᠢᠷᠠᠭᠤᠯᠪᠠ᠃ ᠨᠠᠷᠢᠨ ᠪᠠᠶᠢᠳᠠᠯ ᠢ ︽ᠰᠠᠶᠢᠨ ᠳᠤᠷ᠎ᠠ ᠶᠢᠨ ᠥᠪᠥᠷ ᠮᠣᠩᠭᠤᠯ︾᠎ ᠤᠨ ᠸᠢᠴᠠᠲ ᠤᠨ ᠤᠯᠠᠨ ᠨᠡᠶᠢᠲᠡ ᠶᠢᠨ ᠲᠠᠪᠴᠠᠩ ᠤᠨ ᠮᠡᠳᠡᠭᠡ ᠵᠠᠩᠭᠢ ᠶᠢᠨ ᠨᠡᠶᠢᠲᠡᠯᠡᠯ ᠢ ᠴᠠᠭ ᠲᠤᠬᠠᠶ ᠳᠤᠨᠢ ᠠᠩᠬᠠᠷᠤᠭᠠᠷᠠᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号