5 ᠳ᠋ᠤᠭᠠᠷ ᠰᠠᠷ᠎ᠠ ᠶᠢᠨ 1 ᠤ ᠡᠳᠦᠷ᠂ 2017 ᠤᠨ ᠤ ᠪᠠᠳᠠᠢ ᠶᠢᠨ ᠵᠢᠷᠠᠨ ᠡᠯᠡᠰᠦᠨ ᠴᠦᠯ ᠤᠨ ᠤᠯᠠᠨ | ᠤᠯᠤᠰ ᠤᠨ ᠰᠣᠶᠣᠯ ᠵᠢᠭᠤᠯᠴᠢᠯᠠᠯ ᠤᠨ ᠨᠠᠶᠢᠷ ᠵᠢᠴᠢ ᠠᠯᠠᠱᠠ ᠶᠢᠨ ᠪᠠᠳᠠᠢ ᠶᠢᠨ ᠵᠢᠷᠠᠨ ᠡᠯᠡᠰᠦᠨ ᠴᠦᠯ ᠤᠨ ᠳᠡᠭᠡᠲᠦ | ᠳᠡᠰ ᠤᠨ ᠶᠡᠭᠡ ᠬᠤᠷᠠᠯ ᠦᠵᠡᠰᠭᠦᠯᠡᠩᠲᠦ ᠰᠠᠶᠢᠬᠠᠨ ᠠᠯᠠᠱᠠ ᠪᠠᠷᠠᠭᠤᠨ ᠬᠤᠰᠢᠭᠤ ᠶᠢᠨ ᠪᠠᠳᠠᠢ ᠶᠢᠨ ᠨᠠᠭᠤᠷ ᠤᠨ | ᠬᠦᠪᠡᠭᠡᠨ ᠳᠤ ᠶᠠᠪᠤᠭᠳᠠᠪᠠ᠃ | ᠠᠯᠠᠱᠠ ᠪᠠᠷᠠᠭᠤᠨ ᠬᠤᠰᠢᠭᠤ ︽ᠠᠯᠠᠱᠠ ᠶᠢᠨ ᠨᠢᠭᠤᠴᠠ ᠶᠢ ᠬᠠᠶᠢᠬᠤ︾ ︽ᠤᠮᠠᠷᠠᠲᠤ ᠲᠣᠷᠭᠠᠨ ᠵᠠᠮ ᠢ | ᠬᠠᠶᠢᠨ ᠰᠢᠨᠵᠢᠬᠦ︾ ᠪᠤᠯᠤᠨ ︽ᠰᠦᠷᠯᠢᠭ ᠰᠠᠶᠢᠬᠠᠨ ᠪᠠᠳᠠᠢ︾ ᠵᠡᠷᠭᠡ ᠬᠤᠰᠢᠭᠤᠨ ᠤ ᠳᠣᠲᠣᠨ᠎ᠠ ᠭᠠᠳᠠᠨᠠᠬᠢ ᠵᠢᠴᠢ | ᠡᠾᠧᠰᠢ ᠶᠢᠨ ᠬᠤᠨᠭ᠍ᠬᠢᠯ᠂ ᠱᠠᠨᠰᠢ ᠭᠠᠨᠰᠦ ᠨᠢᠩᠰᠢᠶᠠ ᠬᠥᠬᠡᠨᠠᠭᠤᠷ ᠵᠡᠷᠭᠡ ᠭᠠᠵᠠᠷ ᠤᠨ ᠰᠣᠳᠣᠨ ᠵᠢᠭᠤᠯᠴᠢᠯᠠᠯ ᠢ | ᠬᠤᠯᠪᠤᠭᠰᠠᠨ 3 ᠵᠤᠷᠪᠤᠰ ᠵᠠᠮ ᠱᠤᠭᠤᠮ ᠳᠤ ᠲᠦᠰᠢᠭᠯᠡᠨ᠂ ᠪᠦᠭᠦ ᠬᠤᠰᠢᠭᠤ ᠶᠢ ᠬᠠᠮᠤᠷᠠᠭᠰᠠᠨ ᠳᠠᠪᠠᠭᠤᠯᠢᠭ | ᠵᠢᠭᠤᠯᠴᠢᠯᠠᠯ ᠤᠨ ᠡᠬᠢ ᠪᠠᠶᠠᠯᠢᠭ ᠪᠤᠯᠤᠨ ᠬᠤᠪᠢ ᠶᠢᠨ ᠲᠡᠷᠭᠡ ᠪᠠᠷ ᠵᠢᠭᠤᠯᠴᠢᠯᠠᠬᠤ 4 ᠪᠠᠭᠤᠴᠠ᠂ 39 ᠴᠦᠯ ᠤᠨ | ᠠᠶᠢᠯ ᠤᠨ ᠵᠢᠭᠤᠯᠴᠢᠯᠠᠯ ᠤᠨ ᠤᠯᠠᠭ᠎ᠠ ᠦᠷᠲᠡᠭᠡ ᠪᠠᠷ ᠪᠦᠷᠢᠯᠳᠦᠭᠰᠡᠨ ᠬᠥᠳᠡᠭᠡ ᠲᠣᠰᠬᠤᠨ ᠤ ᠵᠢᠭᠤᠯᠴᠢᠯᠠᠯ ᠤᠨ | ᠲᠤᠤᠷᠴᠢᠯᠠᠯ ᠤᠨ ᠰᠢᠰᠲ᠋ᠧᠮᠵᠢ ᠶᠢ ᠪᠦᠷᠢᠯᠳᠦᠬᠦᠯᠪᠡ᠃ ᠡᠨᠡ ᠤᠳᠠᠭ᠎ᠠ ᠶᠢᠨ ᠠᠵᠢᠯᠯᠠᠭ᠎ᠠ ᠨᠢ 5 ᠳ᠋ᠤᠭᠠᠷ ᠰᠠᠷ᠎ᠠ ᠶᠢᠨ | 1 ᠤ ᠡᠳᠦᠷ ᠠᠴᠠ ᠡᠬᠢᠯᠡᠨ᠂ 5 ᠰᠠᠷ᠎ᠠ ᠶᠠᠪᠤᠭᠳᠠᠨ᠎ᠠ᠂ ᠠᠵᠢᠯᠯᠠᠭ᠎ᠠ ᠶᠢᠨ ᠬᠤᠭᠤᠴᠠᠭᠠᠨ ᠳᠤ ︽ᠡᠷᠳᠡᠨᠢᠰ ᠢ ᠬᠠᠶᠢᠨ | ᠤᠯᠬᠤ︾ ᠣᠯᠠᠨ ᠤᠯᠤᠰ ᠤᠨ ᠡᠷᠳᠡᠨᠢ ᠬᠠᠶᠢᠬᠤ ᠤᠷᠤᠯᠳᠤᠭᠠᠨ᠂ ︽ᠠᠯᠲᠠᠨ ᠰᠢᠷᠭᠠᠯ ᠰᠤᠨᠢᠷᠬᠠᠯ︾ ᠬᠡᠷᠡᠯ | ᠵᠢᠷᠤᠭ ᠤᠨ ᠤᠷᠤᠯᠳᠤᠭᠠᠨ᠂ ᠡᠯᠡᠰᠦᠨ ᠴᠥᠯ ᠬᠢᠭᠡᠳ ᠣᠷᠴᠢᠨ ᠲᠣᠭᠤᠷᠢᠨ ᠤ ᠳᠡᠭᠡᠳᠦ ᠲᠠᠰ ᠤᠨ ᠶᠠᠷᠢᠶᠠᠨ ᠤ | ᠲᠠᠪᠴᠠᠩ ᠤᠨ ᠬᠤᠷᠠᠯ ᠵᠡᠷᠭᠡ 11 ᠵᠦᠢᠯ ᠤᠨ ᠭᠤᠣᠯ ᠰᠡᠳᠦᠪᠲᠦ ᠠᠵᠢᠯᠯᠠᠭ᠎ᠠ ᠶᠢ ᠦᠷᠨᠢᠬᠦᠯᠦᠨ᠎ᠡ᠃ ᠲᠡᠮᠡᠭᠡᠨ ᠤ | ᠠᠵᠤ ᠦᠢᠯᠡᠰ᠂ ᠬᠠᠳᠠᠨ ᠵᠢᠷᠤᠭ ᠤᠨ ᠡᠬᠢ ᠪᠠᠶᠠᠯᠢᠭ ᠵᠡᠷᠭᠡ ᠳᠠᠪᠠᠭᠤᠯᠢᠭ ᠲᠠᠢ ᠤᠶᠠᠯᠳᠤᠭᠤᠯᠤᠨ᠂ ᠳᠤᠮᠳᠠᠳᠤ | ᠤᠯᠤᠰ ᠤᠨ ᠲᠡᠮᠡᠭᠡᠨ ᠤ ᠶᠡᠭᠡ ᠬᠤᠷᠠᠯ ᠵᠢᠴᠢ ᠤᠯᠠᠨ ᠤᠯᠤᠰ ᠤᠨ ᠬᠤᠤᠰ ᠪᠦᠬᠦᠲᠦ ᠲᠡᠮᠡᠭᠡᠨ ᠤ ᠳᠡᠭᠡᠳᠦ ᠲᠠᠰ ᠤᠨ | ᠶᠠᠷᠢᠶᠠᠨ ᠤ ᠲᠠᠪᠴᠠᠩ ᠤᠨ ᠬᠤᠷᠠᠯ᠂ ᠳᠤᠮᠳᠠᠳᠤ ᠤᠯᠤᠰ ᠤᠨ ᠬᠠᠳᠠᠨ ᠵᠢᠷᠤᠭ ᠤᠨ ᠨᠡᠶᠢᠬᠡᠮᠯᠢᠭ ᠤᠨ ᠤᠨ ᠤ ᠬᠤᠷᠠᠯ | ᠵᠢᠴᠢ ᠬᠠᠳᠠᠨ ᠵᠢᠷᠤᠭ ᠬᠢᠭᠡᠳ ᠬᠥᠮᠦᠨ ᠲᠥᠷᠥᠯᠬᠢᠲᠡᠨ ᠤ ᠳᠡᠭᠡᠳᠦ ᠲᠠᠰ ᠤᠨ ᠶᠠᠷᠢᠶᠠᠨ ᠤ ᠲᠠᠪᠴᠠᠩ ᠤᠨ ᠬᠤᠷᠠᠯ | ᠵᠡᠷᠭᠡ ᠣᠯᠠᠨ ᠤᠯᠤᠰ ᠤᠨ ᠴᠢᠨᠠᠷᠲᠠᠶ ᠠᠵᠢᠯᠯᠠᠭ᠎ᠠ ᠶᠢ ᠶᠠᠪᠤᠭᠳᠠᠭᠤᠯᠬᠤ ᠪᠤᠯᠤᠨ᠎ᠠ᠃ |