5 ᠳ᠋ᠤᠭᠠᠷ ᠰᠠᠷ᠎ᠠ ᠶᠢᠨ 6 ᠤ ᠡᠳᠦᠷ᠂ ᠬᠥᠬᠡᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ | ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠴᠠ ᠭᠤᠤᠯᠯᠠᠨ ᠡᠷᠬᠢᠯᠡᠬᠦ᠂ ᠬᠥᠬᠡᠬᠤᠲᠠ ᠶᠢᠨ ᠴᠢᠳᠠᠪᠤᠷᠢᠲᠠᠨ ᠤ | ᠦᠢᠯᠡᠴᠢᠯᠡᠭᠡᠨ ᠤ ᠲᠥᠪ᠂ ᠡᠯ᠎ᠡ ᠠᠶᠢᠮᠠᠭ ᠬᠤᠳᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠤᠨ | ᠦᠢᠯᠡᠴᠢᠯᠡᠭᠡᠨ ᠤ ᠪᠠᠶᠢᠭᠤᠯᠤᠮᠵᠢ ᠶᠢᠨ ᠳᠠᠭᠠᠭᠠᠴᠢᠯᠠᠨ ᠡᠷᠬᠢᠯᠡᠬᠦ ︽ᠬᠡᠰᠡᠭ ᠲᠣᠮᠣ ᠳᠤᠮᠳᠠ ᠵᠡᠷᠭᠡ ᠶᠢᠨ ᠬᠤᠳᠠ ᠶᠢᠨ | ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠢ ᠡᠯᠰᠡᠬᠦ ᠳᠥᠷᠪᠡᠳᠦᠭᠡᠷ ᠬᠤᠭᠤᠴᠠᠭᠠᠨ ᠤ ᠲᠤᠰᠬᠠᠶ ᠬᠠᠮᠲᠤᠷᠠᠭᠰᠠᠨ | ᠠᠵᠢᠯᠯᠠᠭ᠎ᠠ ᠪᠣᠯᠣᠨ ᠬᠥᠬᠡᠬᠤᠲᠠ ᠪᠤᠭᠤᠲᠤ ᠣᠷᠳᠣᠰ ᠵᠢᠴᠢ ᠡᠷᠬᠢᠨ ᠲᠣᠭᠤᠷᠢᠨ ᠤ ᠠᠶᠢᠮᠠᠭ ᠬᠤᠲᠠ ᠶᠢᠨ ᠠᠵᠢᠯᠲᠠᠨ | ᠡᠯᠰᠡᠬᠦ ᠬᠠᠮᠲᠤᠷᠠᠭᠰᠠᠨ ᠴᠤᠭᠯᠠᠭᠠᠨ︾ ᠥᠪᠥᠷ ᠮᠣᠩᠭᠤᠯ ᠤᠨ ᠣᠯᠠᠨ ᠤᠯᠤᠰ ᠤᠨ ᠬᠤᠷᠠᠯ ᠦᠵᠡᠰᠬᠦᠯᠡᠩ ᠤᠨ | ᠲᠥᠪ ᠲᠤ ᠶᠠᠪᠤᠭᠳᠠᠬᠤ ᠪᠠᠷ ᠪᠣᠢ᠃ ᠲᠤᠰ ᠤᠳᠠᠭᠠᠨ ᠤ ᠠᠵᠢᠯᠲᠠᠨ ᠡᠯᠰᠡᠬᠦ ᠴᠤᠭᠯᠠᠭᠠᠨ ᠨᠢ ᠬᠥᠬᠡᠬᠤᠲᠠ ᠪᠤᠭᠤᠲᠤ | ᠤᠷᠳᠤᠰ ᠵᠢᠴᠢ ᠡᠷᠬᠢᠨ ᠲᠣᠭᠤᠷᠢᠨ ᠤ ᠠᠶᠢᠮᠠᠭ ᠬᠤᠲᠠ ᠶᠢᠨ 600 ᠳᠤᠮᠳᠠ ᠵᠢᠵᠢᠭ ᠪᠢᠴᠢᠯ ᠠᠵᠤ ᠠᠬᠤᠶᠢᠯᠠᠯ | ᠵᠢᠴᠢ ᠬᠥᠮᠦᠨ ᠬᠡᠷᠡᠭᠯᠡᠬᠦ ᠡᠯ᠎ᠡ ᠲᠥᠷᠥᠯ ᠤᠨ ᠨᠢᠭᠡᠴᠡ ᠶᠢ ᠤᠷᠢᠨ ᠠᠵᠢᠯᠲᠠᠨ ᠡᠯᠰᠡᠭᠦᠯᠬᠦ ᠪᠦᠭᠡᠳ ᠠᠵᠢᠯ ᠲᠥᠷᠥᠯ | ᠨᠢ ᠢᠳᠡᠭᠡᠨ ᠤ ᠵᠦᠢᠯ᠂ ᠬᠤᠭᠤᠯᠠ ᠤᠮᠳᠠᠭᠠᠨ᠂ ᠭᠡᠷ ᠠᠳᠠᠯ ᠤᠨ ᠶᠠᠪᠤᠳᠠᠯ᠂ ᠬᠥᠳᠡᠯᠮᠦᠷᠢ ᠦᠢᠯᠡᠴᠢᠯᠡᠭᠡ᠂ ᠡᠨᠧᠷᠬᠢ᠂ | ᠬᠢᠮᠢ ᠶᠢᠨ ᠠᠵᠤ ᠦᠢᠯᠡᠳᠪᠦᠷᠢ᠂ ᠴᠠᠬᠢᠯᠭᠠᠨ ᠬᠦᠴᠦ᠂ ᠲᠠᠷᠢᠶᠠᠯᠠᠩ ᠮᠠᠯ ᠠᠵᠤ ᠠᠬᠤᠶ ᠵᠡᠷᠭᠡ ᠣᠯᠠᠨ ᠵᠦᠢᠯ ᠤᠨ | ᠠᠵᠢᠯ ᠲᠥᠷᠥᠯ ᠳᠤ ᠬᠤᠯᠪᠤᠭᠳᠠᠨ᠎ᠠ᠃ ᠲᠤᠰ ᠤᠳᠠᠭ᠎ᠠ ᠶᠢᠨ ᠦᠪᠡᠳᠡᠭᠰᠢ ᠴᠤᠭᠯᠠᠭᠠᠨ ᠤ ᠬᠠᠮᠤᠭ ᠤᠨ ᠶᠡᠭᠡ ᠭᠢᠯᠠᠰ | ᠴᠢᠭ᠋ ᠪᠣᠯ ᠬᠥᠬᠡᠬᠤᠲᠠ᠂ ᠪᠣᠭᠤᠲᠣ᠂ ᠤᠷᠳᠦᠰ᠂ ᠵᠢᠨᠢᠩ ᠵᠢᠴᠢ ᠡᠷᠬᠢᠨ ᠲᠣᠭᠤᠷᠢᠨ ᠤ ᠠᠶᠢᠮᠠᠭ ᠬᠤᠲᠠ ᠶᠢᠨ ᠠᠵᠤ | ᠠᠬᠤᠶᠢᠯᠠᠯ ᠵᠢᠴᠢ ᠬᠥᠮᠦᠨ ᠬᠡᠷᠡᠭᠯᠡᠬᠦ ᠨᠢᠭᠡᠴᠡ ᠨᠦᠭᠦᠳ ᠴᠤᠭ ᠲᠠᠭᠠᠨ ᠠᠩᠬ᠎ᠠ ᠤᠳᠠᠭ᠎ᠠ ᠠᠵᠢᠯᠲᠠᠨ ᠡᠯᠰᠡᠬᠦ ᠪᠣᠯᠬᠤᠷ᠂ | ᠠᠵᠢᠯ ᠡᠷᠢᠭᠰᠡᠳ ᠲᠤ ᠤᠯᠠᠨ ᠶᠠᠩᠵᠤᠴᠢᠯᠠᠭᠰᠠᠨ ᠠᠵᠤ ᠠᠬᠤᠶᠢᠯᠠᠯ ᠵᠢᠴᠢ ᠠᠵᠢᠯ ᠤᠨ ᠪᠠᠶᠢᠷᠢ ᠣᠯᠭᠤᠬᠤ ᠪᠠᠷ | ᠪᠠᠷᠠᠬᠤ ᠦᠭᠡᠢ ᠮᠥᠨ ᠴᠦ ᠠᠵᠢᠯ ᠡᠷᠢᠭᠰᠡᠳ ᠲᠤ ᠤᠯᠠᠨ ᠶᠠᠩᠵᠤᠴᠢᠯᠠᠭᠰᠠᠨ ᠣᠷᠣᠨ ᠪᠦᠰᠡ ᠶᠢᠨ ᠰᠤᠩᠭᠤᠯᠲᠠ | ᠬᠢᠯᠭᠡᠬᠦ ᠶᠠᠪᠤᠳᠠᠯ ᠪᠣᠯᠣᠨ᠎ᠠ᠃ |