ᠪᠦᠬᠦ ᠤᠷᠤᠨ ᠤ ᠲᠤᠭᠤᠷᠢᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠤᠨ ᠲᠧᠯᠸᠢᠰ ᠳ᠋ᠢᠶᠠᠩᠬᠤᠸᠠ ᠬᠤᠷᠠᠯ ᠬᠤᠷᠠᠯᠳᠤᠪᠠ    ᠯᠢᠦ ᠴᠢ ᠹᠠᠨ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2017/5/4
     5 ᠳ᠋ᠤᠭᠠᠷ ᠰᠠᠷ᠎ᠠ ᠶᠢᠨ 3᠎ ᠤ ᠡᠳᠦᠷ᠂ ᠪᠦᠬᠦ ᠤᠷᠤᠨ ᠤ ᠲᠤᠭᠤᠷᠢᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠤᠨ ᠲᠧᠯᠸᠢᠰ ᠳ᠋ᠢᠶᠠᠩᠬᠤᠸᠠ ᠬᠤᠷᠠᠯ ᠬᠤᠷᠠᠯᠳᠤᠵᠤ᠂ ᠬᠤᠷᠠᠯ ᠠᠴᠠ ᠶᠢᠰᠦᠳᠦᠭᠡᠷ ᠬᠤᠭᠤᠴᠠᠭᠠᠨ ᠤ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠤᠭᠤᠷᠢᠨ ᠪᠠᠶᠢᠴᠠᠭᠠᠵᠤ ᠴᠡᠭᠴᠡᠯᠡᠨ ᠵᠠᠰᠠᠭᠰᠠᠨ ᠶᠡᠷᠤᠩᠬᠡᠢ ᠪᠠᠶᠢᠳᠠᠯ ᠢ ᠳ᠋ᠦᠩᠨᠡᠵᠤ᠂ ᠪᠠᠶᠢᠴᠠᠭᠠᠭᠳᠠᠭᠰᠠᠨ ᠨᠠᠮ ᠤᠨ ᠵᠤᠬᠢᠶᠠᠨ ᠪᠠᠶᠢᠭᠤᠯᠤᠯᠲᠠ ᠶᠢᠨ ᠬᠢᠨ ᠲᠤᠭᠤᠷᠢᠨ ᠪᠠᠶᠢᠴᠠᠭᠠᠵᠤ ᠴᠡᠭᠴᠡᠯᠡᠨ ᠵᠠᠰᠠᠬᠤ ᠭᠤᠤᠯ ᠴᠤᠭᠴᠠ ᠶᠢᠨ ᠬᠠᠷᠢᠭᠤᠴᠠᠯᠭ᠎ᠠ ᠪᠠᠨ ᠭᠦᠢᠴᠡᠳᠭᠡᠬᠦ ᠳᠡᠭᠡᠨ ᠬᠦᠴᠦᠨ ᠦᠭᠡᠢ ᠪᠠᠶᠢᠬᠤ 10 ᠠᠰᠠᠭᠤᠳᠠᠯ᠂ ᠬᠤᠰᠢᠭᠤ ᠰᠢᠶᠠᠨ ᠲᠤᠭᠤᠷᠢᠭ ᠤᠨ ᠰᠠᠬᠢᠯᠭ᠎ᠠ ᠪᠠᠲᠦ ᠪᠠᠶᠢᠴᠠᠭᠠᠬᠤ ᠬᠤᠷᠢᠶ᠎ᠠ ᠶᠢᠨ ᠬᠢᠨ ᠲᠤᠭᠤᠷᠢᠨ ᠪᠠᠶᠢᠴᠠᠭᠠᠵᠤ ᠰᠢᠯᠵᠢᠭᠦᠯᠦᠨ ᠲᠤᠰᠢᠶᠠᠭᠰᠠᠨ ᠠᠰᠠᠭᠤᠳᠠᠯ ᠢ ᠰᠢᠢᠳᠪᠦᠷᠢᠯᠡᠬᠦ ᠳᠡᠭᠡᠨ ᠬᠦᠴᠦᠨ ᠦᠭᠡᠢ ᠪᠠᠶᠢᠬᠤ 7 ᠠᠰᠠᠭᠤᠳᠠᠯ ᠢ ᠵᠠᠷᠯᠠᠵᠤ᠂ ᠬᠠᠮᠲᠦ ᠳᠤᠨᠢ ᠲᠦᠪ ᠤᠨ ᠪᠠ ᠦᠪᠡᠷᠲᠡᠭᠡᠨ ᠵᠠᠰᠬᠠᠤ ᠤᠷᠤᠨ ᠤ ᠨᠠᠮ ᠤᠨ ᠬᠤᠷᠢᠶ᠎ᠠ ᠶᠢᠨ ᠲᠤᠭᠤᠷᠢᠨ ᠪᠠᠶᠢᠴᠠᠭᠠᠵᠤ ᠴᠡᠭᠴᠡᠯᠡᠨ ᠵᠠᠰᠠᠬᠤ ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠤᠬᠠᠢ ᠪᠠᠶᠢᠷᠢᠯᠠᠭᠤᠯᠵᠤ᠂ ᠠᠷᠪᠠᠳᠤᠭᠠᠷ ᠬᠤᠭᠤᠴᠠᠭᠠᠨ ᠤ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠦᠷᠦᠭᠦᠦ ᠡᠭᠡᠯᠵᠢ ᠶᠢᠨ ᠲᠤᠭᠤᠷᠢᠨ ᠪᠠᠶᠢᠴᠠᠭᠠᠬᠤ ᠠᠵᠢᠯ ᠢ ᠪᠦᠬᠦ ᠲᠠᠯ᠎ᠠ ᠪᠠᠷ ᠡᠬᠢᠯᠡᠭᠦᠯᠬᠦ ᠎ ᠳᠤ ᠰᠠᠭᠤᠷᠢ ᠲᠠᠯᠪᠢᠵᠠᠢ᠃      ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠦᠪᠡᠷᠲᠡᠭᠡᠨ ᠵᠠᠰᠠᠬᠤ ᠤᠷᠤᠨ ᠤ ᠰᠠᠬᠢᠯᠭ᠎ᠠ ᠪᠠᠲᠦ ᠪᠠᠶᠢᠴᠠᠭᠠᠬᠤ ᠬᠤᠷᠢᠶ᠎ᠠ ᠶᠢᠨ ᠱᠦᠵᠢ᠂ ᠲᠤᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠯᠢᠦ ᠴᠢ ᠹᠠᠨ ᠬᠤᠷᠠᠯ ᠳᠤ ᠤᠷᠤᠯᠴᠠᠵᠤ ᠶᠠᠷᠢᠶ᠎ᠠ ᠲᠠᠯᠪᠢᠪᠠ᠃      ᠯᠢᠦ ᠴᠢ ᠹᠠᠨ᠂ ᠲᠤᠭᠤᠷᠢᠨ ᠪᠠᠶᠢᠴᠠᠭᠠᠵᠤ ᠴᠡᠭᠴᠡᠯᠡᠨ ᠵᠠᠰᠠᠬᠤ ᠪᠤᠯ ᠲᠤᠭᠤᠷᠢᠨ ᠪᠠᠶᠢᠴᠠᠭᠠᠭᠰᠠᠨ ᠦᠷ᠎ᠠ ᠪᠦᠲᠦᠭᠡᠯ ᠢ ᠬᠡᠷᠡᠭᠵᠢᠭᠦᠯᠬᠦ ᠶᠢᠨ ᠵᠠᠩᠭᠢᠯᠠᠭ᠎ᠠ ᠶᠢᠨ ᠭᠤᠭᠴᠤᠭ᠎ᠠ ᠪᠤᠯᠤᠨ᠎ᠠ᠂ ᠮᠦᠨᠴᠤ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠴᠢᠬᠤᠯᠠ ᠠᠭᠤᠯᠭ᠎ᠠ ᠪᠤᠯᠤᠨ᠎ᠠ᠃ ᠡᠯ᠎ᠡ ᠱᠠᠲᠤᠨ ᠤ ᠨᠠᠮ ᠎ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠤᠯᠤᠰ ᠲᠦᠷᠦ ᠶᠢᠨ ᠵᠤᠭᠰᠤᠯᠲᠠ ᠪᠠ ᠤᠯᠤᠰ ᠲᠦᠷᠦ ᠶᠢᠨ ᠤᠬᠠᠮᠰᠠᠷ ᠢᠶᠠᠨ ᠦᠨᠡᠨᠬᠦ ᠳᠡᠭᠡᠭᠰᠢᠯᠡᠭᠦᠯᠵᠦ᠂ ᠭᠤᠤᠯ ᠴᠤᠬᠴᠠ ᠶᠢᠨ ᠬᠠᠷᠢᠭᠤᠴᠠᠯᠭ᠎ᠠ ᠪᠠ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠤᠭᠤᠷᠢᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠤᠨ ᠪᠠᠶᠢᠷᠢᠯᠠᠭᠤᠯᠤᠯᠲᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠤᠭᠤᠷᠢᠨ ᠪᠠᠶᠢᠴᠠᠭᠠᠵᠤ ᠬᠠᠷᠢᠭᠤ ᠲᠤᠰᠬᠠᠬᠰᠠᠨ ᠠᠰᠠᠭᠤᠳᠠᠯ ᠨᠢᠭᠡᠪᠦᠷᠢ ᠶᠢ ᠰᠢᠢᠳᠪᠦᠷᠢᠯᠡᠵᠦ᠂ ᠠᠰᠠᠭᠤᠳᠠᠯ ᠨᠢᠭᠡᠪᠦᠷᠢ ᠶᠢ ᠴᠡᠭᠴᠡᠯᠡᠨ ᠵᠠᠰᠠᠬᠤ ᠬᠡᠷᠡᠭᠲᠡᠢ ᠭᠡᠵᠤ ᠵᠢᠭᠠᠵᠤ ᠭᠠᠷᠭᠠᠵᠠᠢ᠃      ᠯᠢᠤ ᠴᠢ ᠹᠠᠨ᠂ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠲᠦᠪ ᠬᠤᠷᠢᠶ᠎ᠠ ᠶᠢᠨ ᠲᠤᠭᠤᠷᠢᠨ ᠪᠠᠶᠢᠴᠠᠭᠠᠵᠤ ︽ᠡᠷᠬᠢᠵᠦ ᠦᠵᠡᠬᠦ︾᠎ ᠪᠠᠷ ᠳᠤᠬᠢᠶᠠᠯ ᠪᠤᠯᠭᠠᠨ᠂ ︽ᠬᠤᠶᠠᠷ ᠢ ᠰᠤᠷᠤᠯᠴᠠᠵᠤ ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠬᠤ︾ ᠰᠤᠷᠤᠯᠴᠠᠯᠭ᠎ᠠ ᠬᠦᠮᠦᠵᠢᠯ ᠢ ᠪᠠᠶᠢᠩᠭᠤᠵᠢᠭᠤᠯᠬᠤ ᠳᠦᠷᠢᠮᠵᠢᠭᠦᠯᠬᠦ ᠲᠠᠢ ᠤᠶᠠᠯᠳᠤᠭᠤᠯᠵᠤ᠂ ᠴᠡᠭᠴᠡᠯᠡᠨ ᠵᠠᠰᠠᠬᠤ ᠠᠵᠢᠯ ᠤᠨ ᠬᠦᠨᠵᠡᠭᠡᠢ ᠬᠦᠭᠵᠢᠬᠦ ᠶᠢ ᠦᠷᠬᠦᠯᠵᠢᠯᠡᠨ ᠠᠬᠢᠭᠤᠯᠵᠤ᠂ ᠲᠦᠪ ᠬᠤᠷᠢᠶ᠎ᠠ ᠪᠠ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠡᠯ᠎ᠡ ᠵᠦᠢᠯ ᠤᠨ ᠰᠢᠢᠳᠪᠦᠷᠢᠲᠤ ᠪᠤᠳᠤᠯᠭ᠎ᠠ ᠪᠠᠶᠢᠷᠢᠯᠠᠭᠤᠯᠤᠯᠲᠠ ᠶᠢ ᠵᠢᠩᠬᠢᠨᠢ ᠪᠠᠷ ᠦᠨᠳᠦᠰᠦᠯᠡᠭᠦᠯᠦᠨ ᠤᠷᠭᠤᠭᠤᠯᠵᠤ᠂ ᠰᠢᠯᠢᠳᠡᠭ ᠬᠢᠷᠢ ᠪᠦᠲᠦᠮᠵᠢ ᠪᠠᠷ ᠢᠶᠠᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠪᠠ ᠦᠪᠡᠷᠲᠡᠭᠡᠨ ᠵᠠᠰᠠᠬᠤ ᠤᠷᠤᠨ ᠪᠠᠶᠢᠭᠤᠯᠤᠬᠳᠠᠬᠰᠠᠨ 70 ᠵᠢᠯ ᠤᠨ ᠤᠢ ᠶᠢ ᠤᠬᠲᠤᠬᠤ ᠬᠡᠷᠡᠭᠲᠡᠢ ᠭᠡᠵᠦ ᠱᠠᠭᠠᠷᠳᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号