ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠣᠷᠣᠭᠴᠢ ᠡᠯᠰᠡᠬᠦ | ᠰᠢᠯᠭᠠᠯᠲᠠ ᠶᠢᠨ ᠲᠦᠪ ᠠᠯᠪᠠᠨ ᠤ ᠲᠠᠯ᠎ᠠ ᠶᠢᠨ ᠪᠢᠴᠢᠯ ᠪᠯᠤᠭ ᠮᠡᠳᠡᠭᠡ ᠨᠡᠶᠢᠲᠡᠯᠡᠵᠦ᠂ ᠦᠪᠡᠷᠰᠡᠳ ᠢᠶᠠᠨ | ᠰᠤᠷᠤᠭᠰᠠᠳ ᠤᠨ ᠲᠡᠭᠦᠰᠬᠦ ᠨᠦᠭᠦᠴᠡᠯ ᠳᠤ ᠨᠡᠶᠢᠴᠡᠬᠦ ᠰᠢᠯᠭᠠᠭᠤᠯᠤᠭᠴᠢ 5 ᠳ᠋ᠤᠭᠠᠷ ᠰᠠᠷ᠎ᠠ ᠶᠢᠨ 9 ᠤ ᠡᠳᠦᠷ ᠤᠨ 9 | ᠄ 00 — 18 ᠤ ᠡᠳᠦᠷ ᠤᠨ 17᠄ 00 ᠴᠠᠭ ᠪᠤᠯᠲᠠᠯ᠎ᠠ ᠰᠦᠯᠵᠢᠶᠡᠨ ᠳᠡᠭᠡᠷ᠎ᠡ ᠳᠡᠭᠦᠰᠬᠦ ᠭᠤᠶᠤᠴᠢᠯᠠᠯ ᠢᠶᠠᠨ | ᠭᠦᠢᠴᠡᠳᠬᠡᠵᠦ ᠪᠤᠯᠤᠨ᠎ᠠ᠂ ᠡᠭᠦᠨ ᠤ ᠬᠠᠮᠲᠤ ᠲᠡᠭᠦᠰᠬᠦ ᠪᠠᠷ ᠭᠤᠶᠤᠴᠢᠯᠠᠬᠤ ᠠᠶᠢᠮᠠᠭ ᠬᠤᠲᠠ ᠶᠢᠨ ᠰᠤᠷᠭᠠᠨ | ᠬᠥᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠲᠦᠪ ᠲᠤ ᠬᠦᠷᠴᠦ ᠬᠤᠯᠪᠣᠭᠳᠠᠯ ᠪᠦᠬᠦᠢ ᠮᠠᠲ᠋ᠧᠷᠢᠶᠠᠯ ᠢᠶᠠᠨ | ᠲᠤᠰᠢᠶᠠᠬᠤ ᠬᠡᠷᠡᠭᠲᠡᠢ ᠭᠡᠵᠡᠢ᠃ ᠣᠶᠢᠯᠠᠭᠠᠭᠰᠠᠨ ᠢᠶᠠᠷ᠂ ᠬᠢᠨᠠᠨ ᠲᠣᠭᠲᠠᠭᠠᠬᠤ ᠠᠵᠢᠯ ᠤᠨ ᠳᠤᠮᠳᠠ ᠬᠠᠭᠤᠷᠮᠠᠭᠯᠠᠨ | ᠵᠣᠬᠢᠶᠠᠭᠰᠠᠨ᠂ ᠪᠠᠯᠠᠯᠤᠨ ᠵᠠᠰᠠᠭᠰᠠᠨ ᠪᠠ ᠬᠤᠳᠠᠯ ᠬᠠᠭᠤᠷᠮᠠᠭ ᠮᠠᠲ᠋ᠧᠷᠢᠶᠠᠯ ᠬᠠᠩᠭᠠᠭᠰᠠᠨ ᠰᠢᠯᠭᠠᠭᠤᠯᠤᠭᠴᠢ ᠶᠢ | ᠤᠯᠵᠤ ᠮᠡᠳᠡᠪᠡᠯ᠂ ᠥᠪᠥᠷ ᠮᠣᠩᠭᠤᠯ ᠤᠨ ᠰᠣᠷᠣᠭᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶᠡᠨ | ᠳᠡᠭᠡᠷ᠎ᠡ ᠢᠯᠡ ᠪᠠᠷ ᠨᠡᠶᠢᠲᠡᠯᠡᠬᠦ ᠪᠥᠭᠡᠳ ᠭᠤᠷᠪᠠᠨ ᠵᠢᠯ ᠤᠨ ᠳᠣᠲᠣᠷ᠎ᠠ ᠰᠢᠯᠭᠠᠯᠲᠠ ᠳᠤ ᠣᠷᠣᠯᠴᠠᠬᠤ ᠪᠠ | ᠲᠡᠭᠦᠰᠬᠦ ᠪᠠᠷ ᠭᠤᠶᠤᠴᠢᠯᠠᠬᠤ ᠶᠢ ᠨᠢ ᠦᠯᠦ ᠵᠦᠪᠰᠢᠶᠡᠷᠡᠬᠦ ᠪᠠᠷ ᠰᠢᠢᠳᠪᠦᠷᠢᠯᠡᠵᠦ᠂ ᠡᠭᠦᠨ ᠤ ᠬᠠᠮᠲᠤ ᠲᠤᠰ | ᠰᠢᠯᠭᠠᠭᠤᠯᠤᠭᠴᠢ ᠶᠢᠨ ᠰᠤᠷᠭᠠᠨ ᠬᠥᠮᠦᠵᠢᠯ ᠤᠨ ᠰᠢᠯᠭᠠᠯᠲᠠ ᠶᠢᠨ ᠦᠨᠡᠨᠴᠢ ᠢᠲᠡᠭᠡᠮᠵᠢᠲᠡᠶ ᠪᠠᠶᠢᠬᠤ ᠠᠮᠠᠯᠠᠯᠲᠠ ᠶᠢᠨ | ᠳᠠᠩᠰᠠ ᠡᠪᠬᠡᠮᠡᠯ ᠳᠤᠨᠢ ᠲᠡᠮᠳᠡᠭᠯᠡᠵᠦ ᠤᠷᠤᠭᠤᠯᠬᠤ ᠪᠤᠯᠤᠨ᠎ᠠ᠃ | ᠰᠢᠯᠭᠠᠭᠤᠯᠤᠭᠴᠢᠳ ᠥᠪᠥᠷ ᠮᠣᠩᠭᠤᠯ ᠤᠨ ᠰᠣᠷᠣᠭᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠭᠢ ᠶᠢᠨ | ᠰᠦᠯᠵᠢᠶ᠎ᠡ ᠳᠤ ᠭᠠᠷᠴᠤ᠂ ︽2017 ᠣᠨ ᠤ ᠳᠡᠭᠡᠷ᠎ᠡ ᠬᠠᠭᠠᠰ ᠵᠢᠯ ᠤᠨ ᠳᠡᠭᠡᠳᠦ ᠵᠡᠷᠭᠡ ᠶᠢᠨ ᠰᠤᠷᠭᠠᠨ | ᠬᠥᠮᠦᠵᠢᠯ ᠤᠨ ᠦᠪᠡᠷᠰᠡᠳ ᠢᠶᠠᠨ ᠰᠤᠷᠤᠭᠰᠠᠳ ᠤᠨ ᠲᠡᠭᠦᠰᠬᠦ ᠶᠢ ᠬᠢᠨᠠᠨ ᠲᠣᠭᠲᠠᠭᠠᠬᠤ ᠠᠵᠢᠯ ᠤᠨ ᠲᠤᠬᠠᠶ ᠮᠡᠳᠡᠭᠳᠡᠯ | ︾ ᠢ ᠬᠢᠨᠠᠮᠠᠭᠠᠢ ᠤᠩᠰᠢᠵᠤ᠂ ᠬᠤᠯᠪᠣᠭᠳᠠᠯ ᠪᠥᠬᠦᠢ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠲᠡᠭᠦᠰᠬᠦ | ᠭᠤᠶᠤᠴᠢᠯᠠᠯ ᠢᠶᠠᠨ ᠭᠦᠢᠴᠡᠳᠬᠡᠬᠦ ᠬᠡᠷᠡᠭᠲᠡᠶ᠃ |