2017 ᠣᠨ ᠤ ᠳᠡᠭᠡᠷ᠎ᠡ ᠬᠠᠭᠠᠰ ᠵᠢᠯ ᠤᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠥᠪᠡᠷᠰᠡᠳ ᠢᠶᠠᠨ | ᠰᠤᠷᠴᠤ ᠰᠢᠯᠭᠠᠭᠤᠯᠤᠭᠰᠠᠳ ᠤᠨ ᠲᠡᠭᠦᠰᠬᠦ ᠶᠢ ᠬᠢᠨᠠᠨ ᠲᠣᠭᠲᠠᠭᠠᠬᠤ ᠠᠵᠢᠯ ᠤᠳᠠᠯ ᠥᠬᠡᠶ ᠡᠬᠢᠯᠡᠬᠦ ᠪᠠᠷ ᠪᠣᠢ᠂ | ᠬᠤᠯᠪᠣᠭᠳᠠᠯ ᠪᠦᠬᠦᠢ ᠶᠠᠪᠤᠳᠠᠯ ᠢ ᠳᠣᠣᠷᠠᠬᠢ ᠮᠡᠲᠦ ᠮᠡᠳᠡᠭᠳᠡᠪᠡ᠄ | ᠨᠢᠭᠡ᠂ 5 ᠳ᠋ᠤᠭᠠᠷ ᠰᠠᠷ᠎ᠠ ᠶᠢᠨ 9 ᠤ ᠡᠳᠦᠷ ᠤᠨ 9 ᠴᠠᠭ ᠠᠴᠠ 5 ᠳ᠋ᠤᠭᠠᠷ ᠰᠠᠷ᠎ᠠ ᠶᠢᠨ 18 ᠤ ᠡᠳᠦᠷ ᠤᠨ | 17 ᠴᠠᠭ ᠬᠦᠷᠲᠡᠯ᠎ᠡ᠂ ᠲᠡᠭᠦᠰᠬᠦ ᠨᠥᠬᠦᠴᠡᠯ ᠳᠤ ᠨᠡᠶᠢᠴᠡᠬᠦ ᠰᠢᠯᠭᠠᠭᠤᠯᠤᠭᠰᠠᠳ ᠰᠦᠯᠵᠢᠶᠡᠨ ᠳᠡᠭᠡᠷ᠎ᠡ ᠲᠡᠭᠦᠰᠬᠦ | ᠭᠤᠶᠤᠴᠢᠯᠠᠯ ᠢᠶᠠᠨ ᠭᠦᠢᠴᠡᠳᠬᠡᠬᠦ ᠮᠥᠷᠲᠡᠭᠡᠨ ᠬᠤᠯᠪᠣᠭᠳᠠᠯ ᠪᠦᠬᠦᠢ ᠭᠤᠶᠤᠴᠢᠯᠠᠯ ᠤᠨ ᠮᠠᠲ᠋ᠧᠷᠢᠶᠠᠯ ᠢᠶᠠᠨ ᠠᠶᠢᠮᠠᠭ | ᠬᠤᠲᠠ ᠶᠢᠨ ᠰᠤᠷᠭᠠᠨ ᠬᠥᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠲᠥᠪ ᠲᠤ ᠲᠤᠰᠢᠶᠠᠬᠤ ᠬᠡᠷᠡᠭᠲᠡᠢ᠃ | ᠬᠤᠶᠠᠷ᠂ 5 ᠳ᠋ᠤᠭᠠᠷ ᠰᠠᠷ᠎ᠠ ᠶᠢᠨ 9 ᠤ ᠡᠳᠦᠷ ᠠᠴᠠ 5 ᠳ᠋ᠤᠭᠠᠷ ᠰᠠᠷ᠎ᠠ ᠶᠢᠨ 31 ᠤ ᠡᠳᠦᠷ ᠬᠦᠷᠲᠡᠯ᠎ᠡ᠂ | ᠠᠶᠢᠮᠠᠭ ᠬᠤᠲᠠ ᠶᠢᠨ ᠰᠤᠷᠭᠠᠨ ᠬᠥᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠲᠥᠪ ᠠᠩᠬᠠᠨ ᠤ ᠬᠢᠨᠠᠯᠲᠠ | ᠬᠢᠨ᠎ᠡ᠃ | ᠭᠤᠷᠪᠠ᠂ 6 ᠳ᠋ᠤᠭᠠᠷ ᠰᠠᠷ᠎ᠠ ᠶᠢᠨ 1 ᠤ ᠡᠳᠦᠷ ᠠᠴᠠ 6 ᠳ᠋ᠤᠭᠠᠷ ᠰᠠᠷ᠎ᠠ ᠶᠢᠨ 8 ᠤ ᠡᠳᠦᠷ ᠬᠦᠷᠲᠡᠯ᠎ᠡ᠂ | ᠠᠶᠢᠮᠠᠭ ᠬᠤᠲᠠ ᠶᠢᠨ ᠰᠤᠷᠭᠠᠨ ᠬᠥᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠲᠥᠪ ᠠᠩᠬᠠᠨ ᠤ ᠬᠢᠨᠠᠯᠲᠠ | ᠳᠤ ᠬᠢᠷᠢ ᠲᠡᠩᠴᠡᠭᠰᠡᠨ ᠰᠢᠯᠭᠠᠭᠤᠯᠤᠭᠰᠠᠳ ᠤᠨ ᠳᠠᠩᠰᠠ ᠡᠪᠬᠡᠮᠡᠯ ᠢ ᠥᠪᠡᠷᠲᠡᠭᠡᠨ ᠵᠠᠰᠠᠬᠤ ᠣᠷᠣᠨ ᠤ ᠰᠤᠷᠭᠠᠨ | ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ ᠲᠥᠪ ᠲᠤ ᠬᠦᠷᠭᠡᠨ᠎ᠡ᠃ | ᠲᠦᠷᠪᠡ᠂ 6 ᠳ᠋ᠤᠭᠠᠷ ᠰᠠᠷ᠎ᠠ ᠶᠢᠨ 12 ᠤᠨ ᠡᠳᠦᠷ ᠠᠴᠠ 7 ᠳ᠋ᠤᠭᠠᠷ ᠰᠠᠷ᠎ᠠ ᠶᠢᠨ 15 ᠤ ᠡᠳᠦᠷ ᠬᠦᠷᠲᠡᠯ᠎ᠡ᠂ | ᠥᠪᠡᠷᠲᠡᠭᠡᠨ ᠵᠠᠰᠠᠬᠤ ᠣᠷᠣᠨ ᠤ ᠰᠢᠯᠭᠠᠯᠲᠠ ᠶᠢᠨ ᠲᠥᠪ ᠳᠠᠬᠢᠨ ᠬᠢᠨᠠᠯᠲᠠ ᠬᠢᠨ᠎ᠡ᠃ | ᠲᠠᠪᠤ᠂ 8 ᠳ᠋ᠤᠭᠠᠷ ᠰᠠᠷ᠎ᠠ ᠶᠢᠨ 31 ᠤ ᠡᠳᠦᠷ ᠠᠴᠠ ᠡᠮᠦᠨ᠎ᠡ᠂ ᠥᠪᠡᠷᠲᠡᠭᠡᠨ ᠵᠠᠰᠠᠬᠤ ᠣᠷᠣᠨ ᠤ | ᠰᠢᠯᠭᠠᠯᠲᠠ ᠶᠢᠨ ᠲᠥᠪ ᠨᠢ ᠲᠡᠭᠦᠰᠦᠭᠰᠡᠳ ᠢ ᠲᠡᠬᠢᠠ ᠬᠢᠨᠠᠵᠤ ᠬᠢᠷᠢ ᠲᠡᠩᠴᠡᠭᠰᠡᠨ ᠲᠤᠭ᠎ᠠ ᠪᠠᠷᠢᠮᠲᠠ ᠶᠢ ᠰᠤᠷᠭᠠᠨ | ᠬᠥᠮᠦᠵᠢᠯ ᠤᠨ ᠶᠠᠮᠤᠨ ᠳᠤ ᠮᠡᠳᠡᠭᠦᠯᠵᠦ ᠡᠴᠦᠰ ᠤᠨ ᠬᠢᠨᠠᠨ ᠪᠠᠶᠢᠴᠠᠭᠠᠯᠲᠠ ᠬᠢᠯᠭᠡᠵᠦ᠂ ᠬᠢᠷᠢ ᠲᠡᠩᠴᠡᠪᠡᠯ ︽ᠲᠡᠭᠦᠰᠬᠦ | ᠦᠨᠡᠮᠯᠡᠯ︾ ᠪᠠ ︽ᠰᠤᠷᠭᠠᠭᠤᠯᠢ ᠲᠡᠭᠦᠰᠦᠭᠰᠡᠳ ᠤᠨ ᠳᠠᠩᠰᠠᠯᠠᠯ ᠤᠨ ᠬᠦᠰᠦᠨᠦᠭᠲᠦ︾ ᠣᠯᠭᠤᠨ᠎ᠠ᠃ | ᠲᠡᠭᠦᠰᠬᠦ ᠶᠢ ᠬᠢᠨᠠᠨ ᠲᠣᠭᠲᠠᠭᠠᠬᠤ ᠮᠠᠲ᠋ᠧᠷᠢᠶᠠᠯ ᠢ ᠪᠡᠯᠡᠳᠬᠡᠬᠦ ᠵᠢᠴᠢ ᠬᠤᠯᠪᠣᠭᠳᠠᠯ ᠪᠦᠬᠦᠢ ᠱᠠᠭᠠᠷᠳᠠᠯᠭ᠎ᠠ ᠶᠢ | ᠥᠪᠥᠷ ᠮᠣᠩᠭᠤᠯ ᠤᠨ ᠰᠣᠷᠣᠭᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶ᠎ᠡ ᠶᠢᠨ ᠥᠪᠡᠷᠰᠡᠳ ᠢᠶᠠᠨ | ᠰᠤᠷᠴᠤ ᠰᠢᠯᠭᠠᠭᠤᠯᠤᠭᠰᠠᠳ ᠤᠨ ᠰᠢᠯᠭᠠᠯᠲᠠ ᠶᠢᠨ ᠰᠤᠪᠠᠭ ︵http://www.nm.zsks.cn/jszgks/︶ | ᠠᠴᠠ ᠯᠠᠪᠯᠠᠵᠤ ᠦᠵᠡᠬᠦ ᠪᠤᠶᠤ ᠠᠶᠢᠮᠠᠭ ᠬᠤᠲᠠ ᠶᠢᠨ ᠰᠤᠷᠤᠭᠴᠢ ᠡᠯᠰᠡᠬᠦ ᠰᠢᠯᠭᠠᠯᠲᠠ ᠶᠢᠨ ᠲᠥᠪ ᠠᠴᠠ | ᠳ᠋ᠢᠶᠠᠩᠬᠤᠸᠠ ᠪᠠᠷ ᠠᠰᠠᠭᠤᠨ ᠯᠠᠪᠯᠠᠭᠠᠷᠠᠢ ᠃ |