2017 ᠤᠨ ᠤ ᠥᠪᠥᠷ ᠮᠣᠩᠭᠤᠯ ᠤᠨ ᠤᠨᠴᠤᠭᠤᠢ ᠠᠵᠢᠯ ᠤᠨ ᠪᠠᠶᠢᠷᠢ ᠶᠢᠨ ᠪᠠᠭᠰᠢ ᠶᠢᠨ ᠪᠢᠷ ᠤᠨ | ᠰᠢᠯᠭᠠᠯᠲᠠ ᠶᠢᠨ ᠬᠢᠷᠢ ᠪᠦᠲᠦᠮᠵᠢ ᠶᠢ 6 ᠳ᠋ᠤᠭᠠᠷ ᠰᠠᠷ᠎ᠠ ᠶᠢᠨ 10 ᠤ ᠡᠳᠦᠷ ᠠᠴᠠ ᠬᠤᠶᠢᠰᠢ ᠪᠠᠶᠢᠴᠠᠭᠠᠨ ᠤᠯᠵᠤ | ᠪᠤᠯᠤᠨ᠎ᠠ᠂ 6 ᠳ᠋ᠤᠭᠠᠷ ᠰᠠᠷ᠎ᠠ ᠶᠢᠨ 15 — 7 ᠳ᠋ᠤᠭᠠᠷ ᠰᠠᠷ᠎ᠠ ᠶᠢᠨ 5 ᠤ ᠡᠳᠦᠷ ᠪᠤᠯᠲᠠᠯ᠎ᠠ ᠨᠢᠭᠤᠷᠳᠠᠨ ᠰᠢᠯᠭᠠᠨ᠎ᠠ᠂ | ᠪᠣᠳᠠᠲᠠᠶ ᠴᠠᠭ ᠪᠣᠯᠤᠨ ᠭᠠᠵᠠᠷ ᠢ ᠡᠯ᠎ᠡ ᠠᠶᠢᠮᠠᠭ ᠬᠤᠳᠠ ᠦᠪᠡᠷᠰᠡᠳ ᠢᠶᠠᠨ ᠰᠢᠯᠭᠠᠭᠤᠯᠤᠭᠴᠢ ᠶᠢᠨ ᠲᠤᠰ ᠬᠦᠮᠦᠨ | ᠳᠤᠨᠢ ᠮᠡᠳᠡᠭᠳᠡᠨ᠎ᠡ᠃ ᠨᠢᠭᠤᠷᠳᠠᠨ ᠰᠢᠯᠭᠠᠬᠤ ᠳᠤ ᠭᠤᠤᠯ ᠨᠢ ᠲᠤᠷᠰᠢᠨ ᠶᠠᠷᠢᠬᠤ ᠠᠷᠭ᠎ᠠ ᠶᠢ ᠬᠡᠷᠡᠭᠯᠡᠨ᠎ᠡ᠃ | ᠨᠢᠭᠤᠷᠳᠠᠨ ᠰᠢᠯᠭᠠᠬᠤ ︵ᠲᠤᠷᠰᠢᠨ ᠶᠠᠷᠢᠬᠤ︶ ᠠᠵᠢᠯ ᠢ ᠠᠶᠢᠮᠠᠭ ᠬᠤᠲᠠ ᠶᠢᠨ ᠰᠤᠷᠭᠠᠨ ᠬᠥᠮᠦᠵᠢᠯ ᠤᠨ ᠵᠠᠰᠠᠭ | ᠵᠠᠬᠢᠷᠭᠠᠨ ᠤ ᠰᠠᠯᠠᠭ᠎ᠠ ᠮᠥᠴᠢᠷ ᠬᠠᠷᠢᠭᠤᠴᠠᠨ ᠵᠣᠬᠢᠶᠠᠨ ᠪᠠᠶᠢᠭᠤᠯᠵᠤ᠂ ᠡᠯ᠎ᠡ ᠠᠵᠢᠯ ᠤᠨ ᠪᠠᠶᠢᠷᠢ ᠲᠣᠬᠢᠷᠠᠭᠤᠯᠤᠭᠰᠠᠨ | ᠬᠤᠰᠢᠭᠤ ᠰᠢᠶᠠᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠤᠳ ᠨᠢᠭᠤᠷᠳᠠᠨ ᠰᠢᠯᠭᠠᠬᠤ | ᠠᠵᠢᠯ ᠳᠤ ᠤᠷᠤᠯᠴᠠᠨ᠎ᠠ᠃ ᠠᠶᠢᠮᠠᠭ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠰᠠᠯᠠᠭ᠎ᠠ ᠮᠥᠴᠢᠷ᠂ ᠬᠥᠮᠦᠨ ᠤ | ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠳ ᠨᠢᠭᠤᠷᠳᠠᠨ ᠰᠢᠯᠭᠠᠬᠤ ᠪᠦᠬᠦ | ᠶᠠᠪᠤᠴᠠ ᠳᠤ ᠬᠢᠨᠠᠯᠲᠠ ᠲᠠᠯᠪᠢᠨ᠎ᠠ᠃ ᠨᠢᠭᠤᠷᠲᠠᠨ ᠰᠢᠯᠭᠠᠬᠤ ᠳᠤ ᠤᠷᠢᠭᠳᠠᠭᠰᠠᠳ ᠤᠨ ᠶᠡᠷᠦᠩᠬᠡᠶ ᠬᠡᠪ ᠴᠢᠨᠠᠷ ︵ | ᠲᠤᠰᠬᠠᠶ ᠮᠡᠷᠭᠡᠵᠢᠯ ᠤᠨ ᠮᠡᠳᠡᠯᠭᠡ ᠪᠠᠭᠲᠠᠨ᠎ᠠ︶ ᠪᠠ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠴᠢᠳᠠᠪᠤᠷᠢ ᠶᠢ | ᠭᠤᠣᠯᠳᠠᠯᠭ᠎ᠠ ᠲᠠᠢ ᠪᠠᠷ ᠪᠠᠶᠢᠴᠠᠭᠠᠨ ᠦᠵᠡᠬᠦ ᠶᠢᠨ ᠬᠠᠮᠲᠤ ᠨᠢᠭᠤᠷᠳᠠᠨ ᠰᠢᠯᠭᠠᠭᠤᠯᠬᠤ ᠬᠦᠮᠦᠰ ᠢ ᠵᠣᠬᠢᠶᠠᠨ | ᠪᠠᠶᠢᠭᠤᠯᠤᠨ ᠪᠡᠶ᠎ᠡ ᠶᠢᠨ ᠪᠠᠶᠢᠴᠠᠭᠠᠯᠲᠠ ᠬᠢᠯᠭᠡᠨ᠎ᠡ᠃ | ᠨᠢᠭᠤᠷᠳᠠᠨ ᠰᠢᠯᠭᠠᠬᠤ ︵ᠲᠤᠷᠰᠢᠨ ᠶᠠᠷᠢᠬᠤ︶ ᠴᠠᠭ᠄ 2017 ᠤᠨ ᠤ 6 ᠳ᠋ᠤᠭᠠᠷ ᠰᠠᠷ᠎ᠠ ᠶᠢᠨ 1 ᠤ ᠡᠳᠦᠷ | — 7 ᠳ᠋ᠤᠭᠠᠷ ᠰᠠᠷ᠎ᠠ ᠶᠢᠨ 5 ᠤ ᠡᠳᠦᠷ ᠪᠤᠯᠲᠠᠯ᠎ᠠ ᠶᠠᠪᠤᠭᠳᠠᠨ᠎ᠠ᠂ ᠪᠣᠳᠠᠲᠠᠶ ᠴᠠᠭ᠂ ᠭᠠᠵᠠᠷ ᠢ ᠨᠢ ᠬᠠᠮᠢᠶ᠎ᠠ ᠪᠥᠬᠦᠶ | ᠠᠶᠢᠮᠠᠭ ᠬᠤᠲᠠ ᠶᠢᠨ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠬᠠᠷᠢᠭᠤᠴᠠᠨ | ᠰᠢᠯᠭᠠᠭᠤᠯᠤᠭᠴᠢ ᠶᠢᠨ ᠲᠤᠰ ᠬᠦᠮᠦᠨ ᠳᠤ ᠮᠡᠳᠡᠭᠳᠡᠨ᠎ᠡ᠃ ᠨᠢᠭᠤᠷᠳᠠᠨ ᠰᠢᠯᠭᠠᠭᠤᠯᠤᠭᠴᠢᠳ ᠡᠷᠬᠡᠪᠰᠢ ᠲᠤᠰ | ᠬᠥᠮᠦᠨ ᠤ ᠬᠤᠶᠠᠳᠤᠭᠠᠷ ᠦᠶ᠎ᠡ ᠶᠢᠨ ᠪᠡᠶ᠎ᠡ ᠶᠢᠨ ᠦᠨᠡᠮᠯᠡᠯ᠂ ᠰᠤᠷᠭᠠᠭᠤᠯᠢ ᠲᠡᠭᠦᠰᠦᠭᠰᠡᠨ ᠦᠨᠡᠮᠯᠡᠯ ︵ᠲᠤᠰ | ᠬᠤᠭᠤᠴᠠᠭᠠᠨ ᠳᠤ ᠲᠡᠭᠦᠰᠦᠭᠰᠡᠨ ᠰᠤᠷᠤᠭᠴᠢ ᠬᠡᠷᠪᠡ ᠰᠤᠷᠭᠠᠭᠤᠯᠢ ᠶᠢᠨ ᠰᠢᠯᠲᠠᠭᠠᠨ ᠠᠴᠠ ᠪᠤᠯᠵᠤ ᠲᠦᠷ ᠴᠠᠭ | ᠰᠤᠷᠭᠠᠭᠤᠯᠢ ᠲᠡᠭᠦᠰᠦᠭᠰᠡᠨ ᠦᠨᠡᠮᠯᠡᠯ ᠢᠶᠠᠨ ᠠᠪᠤᠭᠠᠳᠤᠢ ᠪᠤᠯ ᠰᠤᠷᠭᠠᠭᠤᠯᠢ ᠠᠴᠠ ᠬᠢᠵᠦ ᠦᠭᠭᠦᠭᠰᠡᠨ | ᠰᠢᠯᠭᠠᠯᠲᠠ ᠳᠤ ᠨᠡᠷ᠎ᠡ ᠮᠡᠳᠡᠭᠦᠯᠬᠦ ᠨᠥᠬᠦᠴᠡᠯ ᠤᠨ ᠬᠤᠯᠪᠣᠭᠳᠠᠯ ᠪᠦᠬᠦᠢ ᠠᠭᠤᠯᠭ᠎ᠠ ᠲᠠᠢ ᠰᠤᠷᠤᠯᠭ᠎ᠠ ᠶᠢᠨ ᠨᠠᠮᠲᠠᠷ ᠤᠨ | ᠭᠡᠷᠡᠴᠢ ᠶᠢ ᠠᠪᠴᠤ ᠤᠴᠢᠵᠤ ᠪᠤᠯᠤᠨ᠎ᠠ᠂ ᠭᠡᠬᠦ ᠳᠡᠭᠡᠨ ᠡᠷᠬᠡᠪᠰᠢ 7 ᠳ᠋ᠤᠭᠠᠷ ᠰᠠᠷ᠎ᠠ ᠶᠢᠨ 20 ᠤ ᠡᠳᠦᠷ ᠠᠴᠠ | ᠡᠮᠦᠨ᠎ᠡ ᠰᠤᠷᠭᠠᠭᠤᠯᠢ ᠲᠡᠭᠦᠰᠦᠭᠰᠡᠨ ᠦᠨᠡᠮᠯᠡᠯ ᠤᠨ ᠤᠭ ᠮᠠᠲ᠋ᠧᠷᠢᠶᠠᠯ ᠢ ᠨᠢ ᠲᠤᠰᠢᠶᠠᠬᠤ ᠬᠡᠷᠡᠭᠲᠡᠶ︶᠂ ᠪᠠᠭᠰᠢ ᠶᠢᠨ | ᠬᠢᠷᠢ ᠬᠡᠮ ᠤᠨ ᠦᠨᠡᠮᠯᠡᠯ ︵ᠦᠨᠡᠬᠡᠷ ᠣᠨᠴᠠᠭᠠᠶ ᠪᠠᠶᠢᠳᠠᠯ ᠠᠴᠠ ᠪᠤᠯᠵᠤ ᠪᠠᠭᠰᠢ ᠶᠢᠨ ᠬᠢᠷᠢ ᠬᠡᠮ ᠤᠨ ᠦᠨᠡᠮᠯᠡᠯ | ᠠᠪᠤᠭᠠᠳᠤᠢ ᠪᠠᠭᠰᠢ ᠶᠢᠨ ᠰᠤᠷᠭᠠᠭᠤᠯᠢ ᠶᠢᠨ ᠰᠤᠷᠭᠠᠨ ᠬᠦᠮᠦᠵᠢᠯ ᠤᠨ ᠲᠦᠷᠦᠯ ᠤᠨ ᠲᠤᠰᠬᠠᠶ ᠮᠡᠷᠭᠡᠵᠢᠯ ᠠᠴᠠ | ᠲᠡᠭᠦᠰᠦᠭᠰᠡᠨ ᠰᠤᠷᠤᠭᠴᠢᠳ ᠪᠤᠰᠤᠳ ᠨᠥᠬᠦᠴᠡᠯ ᠤᠳ ᠨᠢ ᠴᠥᠮ ᠨᠡᠷ᠎ᠡ ᠮᠡᠳᠡᠭᠦᠯᠦᠨ ᠰᠢᠯᠭᠠᠭᠤᠯᠬᠤ ᠬᠢᠷᠢ ᠬᠡᠮ ᠳᠤ | ᠨᠡᠶᠢᠴᠡᠭᠰᠡᠨ ᠰᠠᠭᠤᠷᠢᠨ ᠳᠡᠭᠡᠷ᠎ᠡ᠂ ᠤᠷᠢᠳᠠᠪᠠᠷ ᠨᠡᠷ᠎ᠡ ᠮᠡᠳᠡᠭᠦᠯᠦᠨ ᠰᠢᠯᠭᠠᠯᠲᠠ ᠳᠤ ᠤᠷᠤᠯᠴᠠᠵᠤ ᠪᠤᠯᠤᠨ᠎ᠠ᠂ | ᠭᠡᠬᠦ ᠳᠡᠭᠡᠨ ᠡᠷᠬᠡᠪᠰᠢ 7 ᠳ᠋ᠤᠭᠠᠷ ᠰᠠᠷ᠎ᠠ ᠶᠢᠨ 10 ᠤ ᠡᠳᠦᠷ ᠠᠴᠠ ᠡᠮᠦᠨ᠎ᠡ ᠪᠠᠭᠰᠢ ᠶᠢᠨ ᠬᠢᠷᠢ ᠬᠡᠮ ᠤᠨ | ᠦᠨᠡᠮᠯᠡᠯ ᠤᠨ ᠤᠭ ᠮᠠᠲ᠋ᠧᠷᠢᠶᠠᠯ ᠢ ᠨᠢ ᠲᠤᠰᠢᠶᠠᠬᠤ ᠬᠡᠷᠡᠭᠲᠡᠶ᠂ ᠬᠡᠷᠪᠡ ᠲᠤᠬᠠᠢ ᠶᠢᠨ ᠦᠶ᠎ᠡ ᠳᠤ ᠮᠥᠨ ᠯᠡ ᠤᠭ | ᠮᠠᠲ᠋ᠧᠷᠢᠶᠠᠯ ᠢ ᠬᠠᠩᠭᠠᠵᠤ ᠳᠡᠶᠢᠯᠬᠦ ᠦᠭᠡᠢ ᠪᠤᠯ᠂ ᠤᠷᠢᠵᠤ ᠬᠡᠷᠡᠭᠯᠡᠬᠦ ᠬᠢᠷᠢ ᠬᠡᠮ ᠢ ᠨᠢ ᠬᠠᠰᠤᠨ᠎ᠠ︶᠂ ︽ | ᠰᠢᠯᠭᠠᠭᠤᠯᠬᠤ ᠦᠨᠡᠮᠯᠡᠯ︾ ᠵᠡᠷᠭᠡ ᠤᠭ ᠮᠠᠲ᠋ᠧᠷᠢᠶᠠᠯ ᠢᠶᠠᠨ ᠠᠪᠴᠤ ᠲᠤᠭᠲᠠᠭᠰᠠᠨ ᠭᠠᠵᠠᠷ ᠲᠤ ᠬᠦᠷᠴᠦ ᠨᠢᠭᠤᠷᠳᠠᠨ | ᠰᠢᠯᠭᠠᠭᠤᠯᠬᠤ ᠳᠤ ᠤᠷᠤᠯᠴᠠᠨ᠎ᠠ᠃ ᠬᠡᠷᠪᠡ ᠳᠡᠭᠡᠷ᠎ᠡ ᠳᠤᠷᠠᠳᠤᠭᠰᠠᠨ ᠭᠡᠷᠡᠴᠢ ᠲᠡᠮᠳᠡᠭ ᠨᠢ ᠨᠢᠭᠤᠷᠲᠠᠨ ᠰᠢᠯᠭᠠᠭᠤᠯᠬᠤ | ᠨᠡᠷᠡᠰ ᠤᠨ ᠮᠡᠳᠡᠭᠡ ᠵᠠᠩᠭᠢ ᠪᠤᠶᠤ ᠰᠦᠯᠵᠢᠶᠡᠨ ᠳᠡᠭᠡᠷ᠎ᠡ ᠮᠡᠳᠡᠭᠦᠯᠦᠭᠰᠡᠨ ᠮᠡᠳᠡᠭᠡ ᠵᠠᠩᠭᠢ ᠲᠠᠢ ᠨᠡᠶᠢᠴᠡᠬᠦ ᠦᠭᠡᠶ ᠪᠤᠶᠤ | ᠦᠨᠡᠮᠯᠡᠯ ᠨᠢ ᠬᠤᠳᠠᠯ ᠬᠠᠭᠤᠷᠮᠠᠭ ᠪᠠᠶᠢᠪᠠᠯ᠂ ᠨᠢᠭᠤᠷᠲᠠᠨ ᠰᠢᠯᠭᠠᠬᠤ ᠬᠢᠷᠢ ᠬᠡᠮ ᠢ ᠨᠢ ᠬᠠᠰᠤᠨ᠎ᠠ᠃ | 2017 ᠣᠨ ᠳᠤ ᠥᠪᠥᠷ ᠮᠣᠩᠭᠤᠯ ᠤᠨ ᠤᠨᠴᠤᠭᠤᠢ ᠠᠵᠢᠯ ᠤᠨ ᠪᠠᠶᠢᠷᠢ ᠶᠢᠨ ᠪᠠᠭᠰᠢ ᠶᠢᠨ | ᠰᠢᠯᠭᠠᠯᠲᠠ ᠶᠢᠨ ᠬᠢᠷᠢ ᠪᠦᠲᠦᠮᠵᠢ ᠶᠢ ᠮᠡᠳᠡᠷᠡᠬᠦ᠄ ᠲᠤᠰ ᠤᠳᠠᠭᠠᠨ ᠤ ᠡᠯᠰᠡᠯᠲᠡ ᠶᠢᠨ ᠰᠢᠯᠭᠠᠯᠲᠠ ᠶᠢᠨ ᠡᠴᠦᠰ ᠤᠨ | ᠬᠢᠷᠢ ᠪᠦᠲᠦᠮᠵᠢ ᠶᠢ ᠰᠢᠯᠭᠠᠭᠤᠯᠤᠭᠴᠢᠳ ᠤᠨ ᠪᠢᠷ ᠤᠨ ᠰᠢᠯᠭᠠᠯᠲᠠ ᠪᠠ ᠨᠢᠭᠤᠷᠳᠠᠯ ᠰᠢᠯᠭᠠᠯᠲᠠ ᠶᠢᠨ ᠬᠢᠷᠢ | ᠪᠦᠲᠦᠮᠵᠢ ᠶᠢᠨ 4᠄ 6 ᠶᠢᠨ ᠬᠠᠷᠢᠴᠠᠯ ᠢᠶᠠᠷ ᠪᠤᠳᠤᠨ ᠲᠤᠭᠲᠠᠭᠠᠨ᠎ᠠ᠃ |