ᠥᠪᠥᠷ ᠮᠣᠩᠭᠤᠯ᠄ ᠴᠢᠬᠤᠯᠠ ᠴᠢᠬᠤᠯᠠ ᠲᠣᠮᠣ ᠲᠥᠷᠥᠯ ᠵᠦᠢᠯ ᠢ ᠡᠮᠬᠢ ᠵᠢᠷᠤᠮ ᠲᠠᠢ ᠲᠦᠯᠬᠢᠨ ᠠᠬᠢᠭᠤᠯᠵᠤ  ᠬᠠᠭᠤᠳᠠᠰᠤ ᠬᠠᠭᠤᠳᠠᠰᠤ ᠰᠢᠯᠢᠳᠡᠭ ᠬᠢᠷᠢ ᠪᠦᠲᠦᠮᠵᠢ ᠪᠢᠴᠢᠭᠯᠡᠵᠤ ᠪᠤᠢ
ᠨᠡᠶᠢᠲᠡᠯᠡᠭᠰᠡᠨ ᠴᠠᠭ᠄
2017/6/12
     ᠴᠠᠬᠢᠯᠭᠠᠨ ᠭᠠᠷᠭᠠᠬᠤ ᠦᠢᠯᠡᠳᠪᠦᠷᠢ ᠶᠢᠨ ᠬᠤᠯᠠᠩ ᠤᠲᠤᠭ᠎ᠠ ᠦᠭᠡᠢ ᠪᠣᠯᠵᠠᠢ      ᠠᠵᠢᠯᠲᠠᠨ ᠤ ᠲᠠᠨᠢᠯᠴᠠᠭᠤᠯᠤᠭᠰᠠᠨ ᠪᠠᠷ᠂ ᠭᠠᠳᠠᠨ᠎ᠠ ᠪᠠᠶᠢᠭ᠎ᠠ ᠤᠲᠤᠭ᠎ᠠ ᠦᠭᠡᠢ ᠳᠤᠮᠤ ᠬᠤᠯᠠᠩ ᠪᠣᠯ ᠤᠯᠤᠰ ᠤᠨ ᠳᠣᠲᠣᠭᠠᠳᠤ ᠶᠢᠨ ᠲᠤᠮᠤ ᠬᠡᠯᠪᠡᠷᠢ ᠶᠢᠨ ᠨᠡᠭᠦᠷᠡᠰᠦ ᠰᠢᠲᠠᠭᠠᠬᠤ ᠮᠠᠰᠢᠨ ᠴᠣᠭᠴᠠᠯᠠᠪᠤᠷᠢ ᠳᠤ ︽ᠭᠤᠷᠪᠠᠨ ᠰᠤᠪᠤᠷᠭ᠎ᠠ ᠶᠢ ᠨᠢᠭᠡᠳᠬᠦ︾᠂ ︽ᠬᠤᠶᠠᠷ ᠮᠠᠰᠢᠨ ᠳᠤ ᠨᠢᠭᠡ ᠰᠤᠪᠤᠷᠭ᠎ᠠ ᠪᠣᠰᠬᠠᠬᠤ︾ ᠰᠢᠨ᠎ᠡ ᠮᠡᠷᠭᠡᠵᠢᠯ ᠢ ᠠᠩᠬ᠎ᠠ ᠤᠳᠠᠭ᠎ᠠ ᠠᠰᠢᠭᠯᠠᠨ᠂ ᠪᠣᠬᠢᠷᠳᠣᠯ ᠪᠣᠳᠠᠰ ᠭᠠᠳᠠᠭᠰᠢᠯᠠᠭᠤᠯᠬᠤ ᠶᠢ ᠰᠠᠶᠢᠵᠢᠷᠠᠭᠤᠯᠤᠭᠰᠠᠨ ᠦᠷ᠎ᠡ ᠪᠦᠲᠦᠮᠵᠢ ᠮᠦᠨ᠂ ᠬᠦᠢᠲᠡᠨ᠂ ᠢᠯᠴᠢ᠂ ᠴᠠᠬᠢᠯᠭᠠᠨ ᠭᠤᠷᠪᠠ ᠶᠢ ᠵᠡᠷᠭᠡᠪᠡᠷ ᠬᠠᠩᠭᠠᠳᠠᠭ ᠪᠣᠯᠬᠤᠷ᠂ ᠭᠠᠳᠠᠨ᠎ᠠ ᠠᠴᠠ ᠤᠳᠤᠭ᠎ᠠ ᠪᠠᠭᠠᠭᠢᠬᠤ ᠶᠢ ᠨᠢ ᠣᠯᠵᠤ ᠬᠠᠷᠠᠳᠠᠭ ᠦᠭᠡᠢ ᠶᠤᠮ᠃ ᠡᠨᠡᠬᠦ ᠰᠢᠨ᠎ᠡ ᠮᠡᠷᠭᠡᠵᠢᠯ ᠨᠢ ᠤᠯᠤᠰ ᠤᠨ ᠡᠭᠦᠳᠦᠯᠲᠡ ᠶᠢᠨ ᠲᠤᠰᠬᠠᠶ ᠠᠰᠢᠭ ᠢ ᠣᠯᠤᠭᠰᠠᠨ ᠪᠦᠭᠡᠳ ᠤᠯᠤᠰ ᠤᠨ ᠬᠡᠷᠡᠭᠯᠡᠭᠡᠨ ᠤ ᠰᠢᠨ᠎ᠡ ᠬᠡᠯᠪᠡᠷᠢ ᠶᠢᠨ10 ᠲᠤᠰᠬᠠᠶ ᠠᠰᠢᠭ ᠢ ᠣᠯᠣᠭᠰᠠᠨ ᠶᠤᠮ ᠭᠡᠵᠡᠢ᠃      ᠪᠣᠷᠣᠲᠣᠬᠤᠶ ᠶᠢᠨ ᠤᠰᠤᠯᠠᠯᠲᠠ ᠶᠢᠨ ᠣᠷᠣᠨ ᠤ ᠳᠤᠮᠳᠠ ᠳᠣᠣᠷ᠎ᠠ ᠤᠨᠠᠯᠲᠠ ᠲᠠᠢ 500 ᠲᠦᠮᠡᠨ ᠮᠦ ᠲᠠᠷᠢᠶᠠᠨ ᠭᠠᠵᠠᠷ ᠢ ᠥᠭᠡᠷᠡᠴᠢᠯᠡᠨ ᠰᠠᠶᠢᠵᠢᠷᠠᠭᠤᠯᠬᠤ ᠲᠥᠷᠥᠯ ᠵᠦᠢᠯ ᠢ ᠴᠦᠮ ᠪᠡᠶᠡᠯᠡᠭᠦᠯᠪᠡ
     ᠪᠣᠷᠣᠲᠣᠬᠤᠶ ᠶᠢᠨ ᠤᠰᠤᠯᠠᠯᠲᠠ ᠶᠢᠨ ᠣᠷᠣᠨ ᠤ ᠳᠤᠮᠳᠠ ᠳᠣᠣᠷ᠎ᠠ ᠤᠨᠠᠯᠲᠠ ᠲᠠᠢ 500 ᠲᠦᠮᠡᠨ ᠮᠦ ᠲᠠᠷᠢᠶᠠᠨ ᠭᠠᠵᠠᠷ ᠢ 10 ᠵᠢᠯ ᠤᠨ ᠬᠤᠭᠤᠴᠠᠭ᠎ᠠ ᠲᠠᠢ ᠥᠭᠡᠷᠡᠴᠢᠯᠡᠨ ᠰᠠᠶᠢᠵᠢᠷᠠᠭᠤᠯᠬᠤ ᠲᠥᠷᠥᠯ ᠵᠦᠢᠯ ᠨᠢ ᠣᠳᠣ ᠨᠢᠭᠡᠨᠲᠡ ᠪᠡᠶᠡᠯᠡᠭᠳᠡᠵᠦ᠂ ᠲᠠᠷᠢᠶᠠᠨ ᠭᠠᠵᠠᠷ ᠤᠨ ᠶᠠᠰᠤ ᠴᠢᠨᠠᠷ ᠮᠡᠳᠡᠭᠳᠡᠬᠦ᠋ᠢᠴᠡ ᠰᠠᠶᠢᠵᠢᠷᠠᠨ᠂50 ᠲᠦᠮᠡᠨ ᠮᠦ ᠲᠠᠷᠢᠶᠠᠨ ᠭᠠᠵᠠᠷ ᠰᠢᠨ᠎ᠡ ᠪᠠᠷ ᠨᠡᠮᠡᠭᠳᠡᠭᠦᠯᠵᠦ᠂ 80 ᠲᠦᠮᠡᠨ ᠲᠠᠷᠢᠶᠠᠴᠢᠳ ᠠᠰᠢᠭ ᠬᠦᠷᠲᠡᠵᠡᠢ᠃      ᠳᠤᠮᠳᠠᠳᠤ ᠤᠯᠤᠰ ᠤᠨ ᠬᠤᠪᠣᠷ ᠰᠢᠷᠣᠶ ᠶᠢᠨ ᠲᠤᠮᠤ ᠳ᠋ᠠᠶᠢᠲ᠋ᠠ ᠶᠢᠨ ᠠᠵᠤ ᠦᠢᠯᠡᠰ ᠤᠨ ᠬᠦᠷᠢᠶᠡᠯᠡᠩ ᠲᠥᠷᠥᠯ ᠵᠦᠢᠯ ᠤᠨ ᠭᠡᠷ᠎ᠡ ᠲᠣᠭᠲᠠᠪᠠ
     ᠦᠢᠷ᠎ᠠ ᠳᠤ᠂ ᠪᠤᠭᠤᠲᠤ ᠶᠢᠨ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠨᠢ  ᠭᠦᠸᠧ ᠹᠦ᠋ ᠿᠦᠢ ᠳ᠋ᠠᠶᠢᠲ᠋ᠠ ᠶᠢᠨ ᠰᠢᠰᠲ᠋ᠧᠮ ᠤᠨ ᠬᠢᠵᠠᠭᠠᠷᠲᠤ ᠺᠣᠮᠫᠠᠨᠢ ᠯᠤᠭ᠎ᠠ ᠳᠤᠮᠳᠠᠳᠤ ᠤᠯᠤᠰ ᠤᠨ ᠬᠤᠪᠣᠷ ᠰᠢᠷᠣᠶ ᠶᠢᠨ ᠲᠤᠮᠤ ᠳ᠋ᠠᠶᠢᠲ᠋ᠠ ᠶᠢᠨ ᠠᠵᠤ ᠦᠢᠯᠡᠰ ᠤᠨ ᠬᠦᠷᠢᠶᠡᠯᠡᠩ ᠤᠨ ᠲᠦᠷᠦᠯ ᠵᠦᠢᠯ ᠤᠨ ᠭᠡᠷ᠎ᠡ ᠳᠤ ᠭᠠᠷ ᠤᠨ ᠦᠰᠦᠭ ᠵᠢᠷᠤᠪᠠ᠃      ᠲᠠᠶᠢᠭ᠎ᠠ ᠨᠠᠭᠤᠷ ᠤᠨ ᠴᠠᠬᠢᠯᠭᠠᠨ ᠭᠠᠷᠭᠠᠬᠤ ᠦᠢᠯᠡᠳᠪᠦᠷᠢ 29 ᠳ᠋ᠦᠩᠰᠢᠭᠤᠷ ᠲᠥᠭᠦᠷᠢᠭ ᠤᠨ ᠤᠰᠦᠠ ᠬᠦᠷᠦᠭᠡᠯᠳᠡ ᠶᠢ ᠠᠭᠠᠷ ᠤᠨ ᠬᠦᠷᠦᠭᠡᠯᠲᠡ ᠪᠠᠷ ᠥᠭᠡᠷᠡᠴᠢᠯᠡᠬᠦ ᠢᠨᠵᠧᠨᠧᠷᠢᠩ ᠢ ᠡᠬᠢᠯᠡᠭᠦᠯᠪᠡ
     ᠲᠠᠶᠢᠭ᠎ᠠ ᠨᠠᠭᠤᠷ ᠤᠨ ᠠᠮᠢ ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠬᠤ ᠶᠢᠨ ᠲᠥᠯᠥᠭᠡ ᠬᠡᠷᠡᠭᠵᠢᠭᠦᠯᠦᠭᠰᠡᠨ ᠡᠨᠧᠷᠭᠢ ᠠᠷᠪᠢᠯᠠᠵᠤ ᠪᠣᠬᠢᠷᠲᠤᠯ ᠭᠠᠳᠠᠭᠰᠢᠯᠠᠭᠤᠯᠬᠤ ᠶᠢ ᠪᠠᠭᠠᠰᠬᠠᠬᠤ ᠶᠡᠷᠦᠩᠬᠡᠶᠢᠯᠡᠭᠰᠡᠨ ᠳᠡᠰ ᠳᠡᠪᠰᠢᠭᠦᠯᠵᠦ ᠥᠭᠡᠷᠡᠴᠢᠯᠡᠨ ᠰᠠᠶᠢᠵᠢᠷᠠᠭᠤᠯᠬᠤ ᠲᠥᠷᠥᠯ ᠵᠦᠢᠯ — — ᠲᠠᠶᠢᠭ᠎ᠠ ᠨᠠᠭᠤᠷ ᠤᠨ ᠴᠠᠬᠢᠯᠭᠠᠨ ᠭᠠᠷᠭᠠᠬᠤ ᠦᠢᠯᠡᠳᠪᠦᠷᠢ ᠶᠢᠨ1 ᠳ᠋ᠦ᠋ᠭᠡᠷ᠂ 2 ᠳ᠋ᠤᠭᠠᠷ ᠮᠠᠰᠢᠨ ᠴᠣᠭᠴᠠᠯᠠᠪᠤᠷᠢ ᠶᠢᠨ ᠤᠰᠦᠠ ᠬᠦᠷᠦᠭᠡᠯᠳᠡ ᠶᠢ ᠠᠭᠠᠷ ᠬᠦᠷᠦᠭᠡᠯᠲᠡ ᠪᠠᠷ ᠥᠭᠡᠷᠡᠴᠢᠯᠡᠬᠦ ᠢᠨᠵᠧᠨᠧᠷᠢᠩ ᠨᠢ ᠡᠨᠡ ᠵᠢᠯ ᠤᠨ 4 ᠳ᠋ᠦ᠋ᠭᠡᠷ ᠰᠠᠷ᠎ᠠ ᠳᠤ ᠠᠵᠢᠯ ᠡᠬᠢᠯᠡᠭᠰᠡᠨ ᠠᠴᠠ ᠨᠠᠰᠢ ᠤᠷᠤᠭᠰᠢᠲᠠᠶ ᠶᠠᠪᠤᠭᠳᠠᠵᠤ᠂ ᠣᠳᠣ ᠨᠢᠭᠡᠨᠲᠡ ᠮᠠᠰᠢᠨ ᠴᠣᠭᠴᠠᠯᠠᠪᠤᠷᠢ ᠶᠢᠨ ᠭᠤᠣᠯ ᠬᠦᠴᠦᠳᠡᠯ ᠥᠭᠡᠷᠡᠴᠢᠯᠡᠭᠴᠢ ᠶᠢᠨ ᠰᠢᠨ᠎ᠡ ᠪᠠᠭᠠᠨ᠎ᠠ ᠰᠠᠭᠤᠷᠢ ᠪᠣᠯᠣᠨ ᠰᠠᠭᠤᠷᠢ ᠲᠠᠯᠪᠢᠬᠤ ᠱᠠᠲᠤᠨ ᠳᠤ  ᠣᠷᠣᠵᠠᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号