ᠪᠦᠬᠦ ᠤᠷᠤᠨ ᠤ ︽ᠰᠤᠶᠤᠯ ᠪᠤᠯᠤᠨ ᠪᠠᠶᠢᠭᠠᠯᠢ ᠶᠢᠨ ᠦᠪ ᠤᠨ ᠡᠳᠦᠷ︾᠎ ᠤᠨ ᠤᠬᠠᠭᠤᠯᠭ᠎ᠠ ᠶᠢᠨ ᠠᠵᠢᠯᠯᠠᠭ᠎ᠠ ᠶᠠᠪᠤᠭᠳᠠᠵᠠᠢ
ᠨᠡᠶᠢᠲᠡᠯᠡᠭᠰᠡᠨ ᠴᠠᠭ᠄
2017/6/12
      6 ᠳ᠋ᠤᠭᠠᠷ ᠰᠠᠷ᠎ᠠ ᠶᠢᠨ 10᠎ ᠤ ᠦᠳᠡ ᠶᠢᠨ ᠡᠮᠦᠨ᠎ᠡ᠂ ᠦᠪᠡᠷᠳᠡᠭᠡᠨ ᠵᠠᠰᠠᠬᠤ ᠤᠷᠤᠨ ᠤ ᠰᠤᠶᠤᠯ ᠤᠨ ᠲᠢᠩᠬᠢᠮ᠂ ᠦᠪᠡᠷᠳᠡᠭᠡᠨ ᠵᠠᠰᠠᠬᠤ ᠤᠷᠤᠨ ᠤ ᠳᠡᠦᠭᠡ ᠶᠢᠨ ᠲᠤᠷᠠᠰᠬᠠᠯᠳᠤ ᠵᠦᠢᠯᠡᠰ ᠤᠨ ᠲᠤᠪᠴᠢᠶ᠎ᠠ᠂ ᠬᠦᠬᠡᠬᠤᠳᠠ ᠶᠢᠨ ᠠᠷᠠᠳ ᠤᠨ ᠵᠠᠰᠠᠭ ᠤᠨ ᠤᠷᠳᠤᠨ ᠠᠴᠠ ᠬᠠᠮᠳᠤᠷᠠᠨ ᠡᠷᠬᠢᠯᠡᠭᠰᠡᠨ 2017 ᠣᠨ ᠤ ᠪᠦᠬᠦ ᠤᠷᠤᠨ ᠎ ᠤ ︽ᠰᠤᠶᠤᠯ ᠪᠤᠯᠤᠨ ᠪᠠᠶᠢᠭᠠᠯᠢ ᠶᠢᠨ ᠦᠪ ᠤᠨ ᠡᠳᠦᠷ︾᠎ ᠢ ᠤᠬᠠᠭᠤᠯᠤᠨ ᠰᠤᠷᠳᠠᠯᠴᠢᠯᠠᠬᠤ ᠭᠤᠤᠯ ᠳᠠᠯᠠᠪᠤᠷ ᠤᠨ ᠠᠵᠢᠯᠯᠠᠭ᠎ᠠ ᠦᠪᠦᠷ ᠮᠤᠩᠭᠤᠯ ᠤᠨ ᠦᠵᠡᠰᠭᠦᠯᠡᠩ ᠤᠨ ᠤᠷᠳᠤᠨ ᠳᠤ ᠶᠠᠪᠤᠭᠳᠠᠪᠠ᠃      ᠲᠤᠰ ᠠᠵᠢᠯᠯᠠᠭ᠎ᠠ ᠨᠢ ᠳᠡᠦᠭᠡ ᠶᠢᠨ ᠲᠤᠷᠠᠰᠬᠠᠯᠳᠤ ᠵᠦᠢᠯᠡᠰ ᠪᠠ ᠪᠤᠳᠠᠰ ᠤᠨ ᠪᠤᠰᠤ ᠰᠤᠶᠤᠯ ᠤᠨ ᠦᠪ ᠬᠡᠬᠦ ᠬᠤᠶᠠᠷ ᠶᠡᠭᠡ ᠬᠡᠰᠡᠭ ᠬᠤᠪᠢᠶᠠᠨ ᠶᠠᠪᠤᠭᠳᠠᠵᠤ᠂ ᠳᠡᠦᠭᠡ ᠶᠢᠨ ᠲᠤᠷᠠᠰᠬᠠᠯᠳᠤ ᠵᠦᠢᠯᠡᠰ ᠨᠢ ︽ᠰᠤᠶᠤᠯ ᠤᠨ ᠦᠪ ᠬᠢᠬᠡᠳ ︿ᠨᠢᠭᠡ ᠪᠦᠰᠡ ᠨᠢᠭᠡ ᠵᠠᠮ﹀︾ ᠬᠡᠬᠦ ᠭᠤᠤᠯ ᠰᠡᠳᠦᠪ ᠤᠨ ᠲᠤᠭᠤᠷᠢᠨ ᠳᠤ᠂ ᠪᠤᠳᠠᠰ ᠤᠨ ᠪᠤᠰᠤ ᠰᠤᠶᠤᠯ ᠎ ᠤᠨ ᠦᠪ ᠨᠢ ︽ᠪᠤᠳᠠᠰ ᠤᠨ ᠪᠤᠰᠤ ᠰᠤᠶᠤᠯ ᠤᠨ ᠦᠪ ᠤᠨ ᠬᠠᠮᠠᠭᠠᠯᠠᠯᠳᠠ — ᠤᠯᠠᠮᠵᠢᠯᠠᠨ ᠬᠦᠭᠵᠢᠭᠦᠯᠬᠦ ᠦᠢᠯᠡᠳᠦᠯᠭᠡ︾ ᠬᠡᠬᠦ ᠭᠤᠤᠯ ᠰᠡᠳᠦᠪ ᠤᠨ ᠲᠤᠭᠤᠷᠢᠨ ᠳᠤ ᠶᠠᠪᠤᠭᠳᠠᠪᠠ᠃      ᠡᠬᠢᠯᠡᠯᠳᠡ ᠶᠢᠨ ᠶᠤᠰᠤᠯᠠᠯ ᠳᠤ᠂ ᠦᠯᠢᠭᠡᠷ ᠬᠤᠯᠪᠤᠭ᠎ᠠ᠂ ᠮᠤᠷᠢᠨ ᠬᠤᠭᠤᠷ᠂ ᠬᠦᠬᠡᠮᠠᠢ ᠵᠡᠷᠭᠡ ᠳᠠᠶᠢᠰᠠᠨ ᠲᠤᠭᠯᠠᠯᠳᠠ ᠨᠢ ᠦᠵᠡᠭᠴᠢᠳ ᠤᠨ ᠬᠠᠯᠠᠭᠤᠨ ᠬᠦᠷᠢᠶᠡᠯᠡᠯ ᠢ ᠤᠯᠤᠭᠰᠠᠨ ᠲᠡᠳᠦᠢ ᠦᠭᠡᠢ᠂ ᠦᠪᠡᠷ ᠤᠨ ᠭᠠᠷ ᠢᠶᠠᠷ ᠎ ᠢᠶᠠᠨ ᠡᠮᠡᠭᠡᠯ ᠬᠢᠵᠤ ᠳᠡᠷᠯᠢᠭ ᠣᠶᠣᠬᠤ ᠵᠡᠷᠭᠡ ᠶᠢᠨ ᠤᠯᠠᠮᠵᠢᠯᠠᠯᠳᠤ ᠭᠠᠷ ᠤᠷᠠᠯᠠᠯ ᠢ ᠪᠡᠶᠡᠴᠢᠯᠡᠨ ᠤᠶᠢᠯᠠᠭᠠᠬᠤ ᠠᠵᠢᠯᠯᠠᠭ᠎ᠠ ᠨᠢ ᠬᠤᠳᠠ ᠶᠢᠨ ᠠᠷᠠᠳ ᠲᠤ ᠪᠠᠰᠠ ᠤᠨᠴᠠᠭᠠᠢ ᠲᠦᠷᠦᠭᠳᠡᠯ ᠦᠭᠭᠦᠭᠰᠡᠨ ᠪᠠᠶᠢᠨ᠎ᠠ᠃ ᠢᠯᠠᠩᠭᠤᠶ᠎ᠠ ᠦᠪᠦᠷ ᠮᠤᠩᠭᠤᠯ ᠤᠨ ᠮᠦᠽᠸᠢ ᠶᠢᠨ ᠲᠤᠭᠠᠴᠢᠯᠠᠭᠰᠠᠨ ᠮᠦᠽᠸᠢ ᠶᠢᠨ ᠨᠡᠭᠦᠳᠡᠯ ᠳᠡᠷᠭᠡ ᠨᠢ ᠤᠯᠠᠨ ᠤ ᠠᠩᠬᠠᠷᠤᠯ ᠢ ᠶᠡᠭᠡᠳᠡ ᠳᠠᠳᠠᠵᠤ ᠪᠠᠶᠢᠯ᠎ᠠ᠂ ᠲᠤᠰ ᠲᠤᠭᠠᠴᠢᠯᠠᠭᠰᠠᠨ ᠮᠦᠽᠸᠢ 2013᠎ ᠤᠨ ᠤ 5 ᠳ᠋ᠤᠭᠠᠷ ᠰᠠᠷ᠎ᠠ ᠶᠢᠨ 8᠎ ᠤ ᠡᠳᠤᠷ ᠠᠩᠬᠠᠨ ᠤ ᠦᠵᠡᠭᠦᠯᠦᠯᠭᠡ ᠪᠠᠨ ᠡᠬᠢᠯᠡᠭᠦᠯᠦᠭᠰᠡᠨ ᠠᠴᠠ ᠨᠠᠰᠢ ᠤᠳᠤ ᠪᠤᠯᠳᠠᠯ᠎ᠠ ᠨᠢᠭᠡᠨᠳᠡ 2.3 ᠲᠦᠮᠡᠨ ᠺᠢᠯᠣᠮᠧᠲᠷ ᠠᠶᠠᠯᠠᠵᠤ᠂ ᠨᠡᠶᠢᠳᠡ 255 ᠤᠳᠠᠭ᠎ᠠ ᠦᠵᠡᠭᠴᠢᠳ ᠲᠠᠢ ᠵᠤᠯᠭᠠᠵᠤ ᠪᠠᠶᠢᠭ᠎ᠠ ᠶᠤᠮ᠃ ᠡᠭᠦᠨ ᠠᠴᠠ ᠭᠠᠳᠠᠨ᠎ᠠ ᠪᠠᠰᠠ ᠮᠠᠨ ᠤ ᠤᠷᠤᠨ ᠤ ᠪᠤᠳᠠᠰ ᠤᠨ ᠪᠤᠰᠤ ᠰᠤᠶᠤᠯ ᠤᠨ ᠦᠪ ᠤᠨ ᠬᠠᠮᠠᠭᠠᠯᠠᠯᠳᠠ ᠶᠢᠨ ᠪᠠᠶᠢᠳᠠᠯ ᠵᠢᠴᠢ ᠤᠷᠳᠤ ᠴᠠᠭᠠᠨ ᠬᠡᠷᠡᠮ ᠤᠨ ᠬᠠᠮᠠᠭᠠᠯᠠᠯᠳᠠ᠂ ᠳᠡᠦᠭᠡ ᠶᠢᠨ ᠲᠤᠷᠠᠰᠬᠠᠯᠳᠤ ᠵᠦᠢᠯᠡᠰ᠂ ᠬᠠᠭᠤᠴᠢ ᠰᠤᠳᠤᠯᠤᠯ ᠵᠡᠷᠭᠡ ᠶᠢ ᠬᠡᠷᠡᠯ ᠵᠢᠷᠤᠭ ᠎ ᠢᠶᠠᠷ ᠤᠯᠠᠨ ᠲᠦᠮᠡᠨ ᠳᠤ ᠳᠡᠯᠭᠡᠨ ᠦᠵᠡᠭᠦᠯᠵᠤ᠂ ᠮᠠᠨ ᠤ ᠤᠷᠤᠨ ᠤ ᠰᠤᠶᠤᠯ ᠤᠨ ᠦᠪ ᠤᠨ ᠤᠯᠠᠮᠵᠢᠯᠠᠯ ᠪᠠ ᠬᠠᠮᠠᠭᠠᠯᠠᠯᠳᠠ ᠶᠢᠨ ᠳᠠᠯ᠎ᠠ ᠳᠤ ᠤᠯᠤᠭᠰᠠᠨ ᠠᠮᠵᠢᠯᠳᠠ ᠪᠦᠳᠦᠮᠵᠢ ᠶᠢ ᠤᠯᠠᠨ ᠬᠠᠷᠠᠭᠠᠰᠤ ᠠᠴᠠ ᠳᠡᠯᠭᠡᠨ    ᠦᠵᠡᠭᠦᠯᠪᠡ᠃      ᠡᠬᠢᠯᠡᠯᠳᠡ ᠶᠢᠨ ᠶᠤᠰᠤᠯᠠᠯ ᠳᠤ ᠪᠠᠰᠠ ᠦᠪᠡᠷᠳᠡᠭᠡᠨ ᠵᠠᠰᠠᠬᠤ ᠤᠷᠤᠨ ᠤ ᠳᠠᠪᠤᠳᠤᠭᠠᠷ ᠪᠦᠯᠦᠭ ᠤᠨ ᠤᠷᠤᠨ ᠤ ᠳᠡᠰ ᠤᠨ ᠪᠤᠳᠠᠰ ᠤᠨ ᠪᠤᠰᠤ ᠰᠤᠶᠤᠯ ᠤᠨ ᠦᠪ ᠤᠨ ᠤᠯᠠᠮᠵᠢᠯᠠᠭᠴᠢ ᠳᠤ ᠦᠨᠡᠮᠯᠡᠯ ᠭᠠᠷᠳᠠᠭᠤᠯᠵᠤ᠂ ᠤᠯᠠᠮᠵᠢᠯᠠᠯ ᠎ ᠤᠨ ᠨᠦᠬᠦᠪᠦᠷᠢ ᠮᠦᠩᠬᠦ ᠦᠭᠪᠡ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号