6 ᠳ᠋ᠤᠭᠠᠷ ᠰᠠᠷ᠎ᠡ ᠶᠢᠨ 23᠎ ᠤ ᠡᠳᠦᠷ ᠶᠡᠭᠡ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠤᠯᠤᠰ ᠤᠨ ᠨᠢᠭᠡᠳᠦᠯᠳᠡᠢ ᠰᠢᠯᠭᠠᠯᠳᠡ ᠶᠢᠨ ᠬᠤᠪᠢ ᠶᠢ ᠨᠡᠶᠢᠲᠡᠯᠡᠨ᠎ᠡ  4 ᠵᠦᠢᠯ ᠤᠨ ᠠᠷᠭ᠎ᠠ ᠬᠡᠯᠪᠡᠷᠢ ᠪᠠᠷ ᠬᠤᠪᠢ ᠪᠠᠨ ᠦᠵᠡᠵᠤ ᠪᠤᠯᠤᠨ᠎ᠠ
ᠨᠡᠶᠢᠲᠡᠯᠡᠭᠰᠡᠨ ᠴᠠᠭ᠄
2017/6/12
      ᠦᠪᠡᠷᠳᠡᠬᠡᠨ ᠵᠠᠰᠠᠬᠤ ᠤᠷᠤᠨ ᠤ ᠰᠤᠷᠭᠠᠨ ᠬᠦᠮᠦᠵᠢᠯ ᠤᠨ ᠰᠤᠷᠤᠬᠴᠢ ᠡᠯᠰᠡᠬᠦ ᠰᠢᠯᠭᠠᠯᠳᠡ ᠶᠢᠨ ᠲᠦᠪ ᠠᠴᠠ ᠤᠶᠢᠯᠠᠭᠠᠭᠰᠠᠨ ᠢᠶᠠᠷ᠂ 6 ᠳ᠋ᠤᠭᠠᠷ ᠰᠠᠷ᠎ᠡ ᠶᠢᠨ 10 — 22᠎ ᠤᠨ ᠡᠳᠦᠷ ᠪᠤᠯᠳᠠᠯ᠎ᠠ ᠰᠦᠯᠵᠢᠶᠡᠨ ᠲᠡᠬᠡᠷ᠎ᠡ ᠤᠯᠤᠰ ᠤᠨ ᠨᠢᠭᠡᠳᠦᠯᠳᠡᠢ ᠰᠢᠯᠭᠠᠯᠳᠡ ᠶᠢᠨ ᠰᠡᠳᠦᠪ ᠢ ᠬᠢᠨᠠᠵᠦ᠂ 6 ᠳ᠋ᠤᠭᠠᠷ ᠰᠠᠷ᠎ᠡ ᠶᠢᠨ 23᠎ ᠤ ᠡᠳᠤᠷ ᠰᠢᠯᠭᠠᠯᠳᠡ ᠶᠢᠨ ᠬᠤᠪᠢ ᠶᠢ ᠨᠡᠶᠢᠳᠡᠯᠡᠨ᠎ᠠ᠂ ᠲᠤᠬᠠᠢ ᠶᠢᠨ ᠴᠠᠭ ᠲᠤ ᠰᠢᠯᠭᠠᠭᠤᠯᠤᠬᠰᠠᠳ 4 ᠵᠦᠢᠯ ᠤᠨ ᠠᠷᠭ᠎ᠠ ᠬᠡᠯᠪᠡᠷᠢ ᠪᠠᠷ ᠬᠤᠪᠢ ᠪᠠᠨ ᠪᠠᠶᠢᠴᠠᠭᠠᠵᠤ ᠪᠤᠯᠤᠨ᠎ᠡ᠃ ᠨᠢᠭᠡ᠂ ᠦᠪᠡᠷᠳᠡᠬᠡᠨ ᠵᠠᠰᠠᠬᠤ ᠤᠷᠤᠨ ᠤ ᠰᠤᠷᠤᠬᠴᠢ ᠡᠯᠰᠡᠬᠦ ᠰᠢᠯᠭᠠᠯᠳᠡ ᠶᠢᠨ ᠮᠡᠳᠡᠭᠡ ᠵᠠᠩᠬᠢ ᠶᠢᠨ ᠰᠦᠯᠵᠢᠶ᠎ᠡ ᠳᠤ ᠭᠠᠷᠴᠤ ᠬᠤᠪᠢ ᠪᠠᠨ ᠦᠵᠡᠵᠤ ᠪᠤᠯᠤᠨ᠎ᠡ︔ ᠬᠤᠶᠠᠷ᠂ ᠰᠢᠯᠵᠢᠬᠡ ᠬᠤᠯᠪᠤᠭ᠎ᠠ ᠶᠢᠨ ᠭᠠᠷ ᠤᠳᠠᠰᠤ ᠪᠠᠷ ︽gkcf ᠰᠢᠯᠭᠠᠭᠤᠯᠬᠤ ᠳ᠋ᠤᠭᠠᠷ︾᠎ ᠢᠶᠠᠨ 10628833᠎ ᠳᠤ ᠴᠠᠬᠢᠮ ᠮᠡᠳᠡᠭᠡ ᠪᠠᠷ ᠶᠠᠪᠤᠭᠤᠯᠵᠤ ᠬᠤᠪᠢ ᠪᠠᠨ ᠦᠵᠡᠵᠤ ᠪᠤᠯᠤᠨ᠎ᠡ︔ ᠭᠤᠷᠪᠠ᠂ ᠤᠷᠤᠨ ᠤ ᠲᠤᠳᠤᠭᠠᠳᠤ ᠶᠢᠨ ᠨᠢᠬᠡᠳᠦᠭᠰᠡᠨ ᠬᠤᠯᠪᠤᠭ᠎ᠠ ᠶᠢᠨ ᠭᠠᠷ ᠤᠳᠠᠰᠤ ᠪᠠᠷ 16897788᠂ ᠲᠤᠮᠳᠠᠳᠤ ᠤᠯᠤᠰ ᠤᠨ ᠴᠠᠬᠢᠯᠭᠠᠨ ᠬᠤᠯᠪᠤᠭ᠎ᠠ ᠶᠢᠨ ᠭᠠᠷ ᠤᠳᠠᠰᠤ ᠪᠠᠷ 16817788᠂ ᠲᠤᠮᠳᠠᠳᠤ ᠤᠯᠤᠰ ᠤᠨ ᠲᠠᠮᠤᠷ ᠵᠠᠮ ᠤᠨ ᠴᠢᠮᠡᠭᠡ ᠬᠤᠯᠪᠤᠭ᠎ᠠ ᠶᠢᠨ ᠭᠠᠷ ᠤᠳᠠᠰᠤ ᠪᠠᠷ 95105168᠂ ᠲᠤᠮᠳᠠᠳᠤ ᠤᠯᠤᠰ ᠤᠨ ᠰᠢᠯᠵᠢᠬᠡ ᠬᠤᠯᠪᠤᠭ᠎ᠠ ᠶᠢᠨ ᠭᠠᠷ ᠤᠳᠠᠰᠤ ᠪᠠᠷ 1255088᠎ ᠳᠤ ᠤᠳᠠᠰᠤᠳᠠᠵᠤ᠂ ᠠᠦ᠋ᠲ᠋ᠣ᠋ ᠬᠡᠯᠡᠨ ᠤ ᠮᠡᠳᠡᠭᠡ ᠵᠠᠩᠬᠢ ᠶᠢᠨ ᠲᠠᠪᠴᠡᠩ ᠢᠶᠠᠷ ᠲᠠᠮᠵᠢᠨ ᠬᠤᠪᠢ ᠪᠠᠨ ᠠᠰᠠᠭᠤᠵᠦ ᠪᠤᠯᠤᠨ᠎ᠡ︔ ᠲᠦᠷᠪᠡ᠂ ᠨᠢᠬᠡᠳᠦᠭᠰᠡᠨ ᠬᠤᠯᠪᠤᠭ᠎ᠠ ᠶᠢᠨ ᠭᠠᠷ ᠤᠳᠠᠰᠤ ᠪᠠᠷ ᠮᠡᠳᠡᠭᠡ ᠵᠠᠩᠬᠢ ᠶᠢᠨ ᠲᠠᠪᠴᠡᠩ ᠠᠴᠠ ᠰᠢᠯᠭᠠᠯᠳᠡ ᠶᠢᠨ ᠬᠤᠪᠢ ᠪᠠᠨ ᠰᠢᠭᠤᠳ ᠠᠰᠠᠭᠤᠨ ᠯᠠᠪᠯᠠᠵᠤ ᠪᠤᠯᠤᠨ᠎ᠡ᠃ 6 ᠳ᠋ᠤᠭᠠᠷ ᠰᠠᠷ᠎ᠠ ᠶᠢᠨ 23᠎ ᠠᠴᠠ ᠡᠬᠢᠯᠡᠨ᠂ ᠰᠢᠯᠭᠠᠭᠤᠯᠤᠭᠴᠢ ᠦᠪᠡᠷᠳᠡᠬᠡᠨ ᠵᠠᠰᠠᠬᠤ ᠤᠷᠤᠨ ᠤ ᠰᠤᠷᠭᠠᠨ ᠬᠦᠮᠦᠵᠢᠯ ᠤᠨ ᠰᠤᠷᠤᠭᠴᠢ ᠡᠯᠰᠡᠬᠦ ᠮᠡᠳᠡᠭᠡ ᠵᠠᠩᠬᠢ ᠶᠢᠨ ᠰᠦᠯᠵᠢᠶ᠎ᠡ ᠳᠤ ᠭᠠᠷᠴᠤ᠂ ᠡᠷᠡᠮᠡᠯᠵᠡᠯ ᠳᠠᠭᠯᠠᠬᠤ ᠳᠤ ᠳᠠᠨᠢᠯᠴᠠᠭᠤᠯᠤᠭᠰᠠᠨ ᠰᠤᠷᠭᠠᠭᠤᠯᠢ ᠪᠠᠨ ᠤᠶᠢᠯᠠᠭᠠᠵᠤ᠂ ᠦᠪᠡᠷ ᠤᠨ ᠨᠢᠭᠡᠳᠦᠯᠳᠠᠢ ᠰᠢᠯᠭᠠᠯᠳᠠ ᠶᠢᠨ ᠬᠤᠪᠢ ᠪᠠᠨ ᠦᠨᠳᠦᠰᠦᠯᠡᠵᠦ᠂ ᠬᠠᠨᠤᠮᠵᠢᠳᠠᠢ ᠳᠡᠭᠡᠳᠦ ᠰᠤᠷᠭᠠᠭᠤᠯᠢ ᠵᠢᠴᠢ ᠲᠤᠰᠬᠠᠢ ᠮᠡᠷᠭᠡᠵᠢᠯ ᠢᠶᠠᠨ ᠰᠤᠩᠭᠤᠬᠤ ᠶᠢᠨ ᠵᠡᠷᠭᠡᠪᠡᠷ ᠰᠦᠯᠵᠢᠶᠡᠨ ᠳᠡᠭᠡᠷ᠎ᠡ ᠡᠷᠡᠮᠡᠯᠵᠡᠯ ᠲᠠᠭᠯᠠᠬᠤ ᠳᠡᠰ ᠳᠠᠷᠠᠭᠠᠯᠠᠯ ᠢ ᠤᠷᠢᠳᠴᠢᠯᠠᠨ ᠤᠶᠢᠯᠠᠭᠠᠵᠦ ᠪᠤᠯᠤᠨ᠎ᠠ᠃ 6 ᠳ᠋ᠤᠭᠠᠷ ᠰᠠᠷ᠎ᠠ ᠶᠢᠨ 23᠎ ᠠᠴᠠ 26᠎ ᠤ ᠡᠳᠤᠷ ᠪᠤᠯᠳᠠᠯ᠎ᠠ᠂ ᠰᠢᠯᠭᠠᠭᠤᠯᠤᠭᠴᠢ ᠰᠢᠯᠭᠠᠯᠳᠠ ᠶᠢᠨ ᠬᠤᠪᠢ ᠪᠠᠨ ᠳᠠᠪᠳᠠᠨ ᠪᠠᠶᠢᠴᠠᠭᠠᠬᠤ ᠪᠠᠷ ᠡᠷᠡᠮᠡᠯᠵᠡᠯᠡᠵᠦ ᠪᠤᠯᠤᠨ᠎ᠠ᠃ 6 ᠳ᠋ᠤᠭᠠᠷ ᠰᠠᠷ᠎ᠠ ᠶᠢᠨ 25᠎ ᠠᠴᠠ ᠡᠮᠦᠨ᠎ᠡ᠂ ᠮᠠᠨ ᠤ ᠤᠷᠤᠨ ᠰᠤᠷᠤᠭᠴᠢ ᠡᠯᠰᠡᠬᠦ ᠰᠢᠯᠭᠠᠯᠳᠠ ᠶᠢᠨ ᠬᠤᠪᠢ ᠶᠢᠨ ᠬᠠᠮᠤᠭ ᠳᠤᠤᠷ᠎ᠠ ᠬᠢᠵᠠᠭᠠᠷ ᠱᠤᠭᠤᠮ ᠢ ᠨᠡᠶᠢᠳᠡᠯᠡᠨ᠎ᠡ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号