ᠲᠥᠩᠯᠢᠶᠥᠥ ᠬᠤᠲᠠ ᠰᠤᠷᠭᠠᠨ ᠬᠥᠮᠦᠵᠢᠯ ᠢᠶᠠᠷ ᠶᠠᠳᠠᠭᠤ ᠶᠢ ᠲᠡᠳᠬᠦᠬᠦ ᠠᠵᠢᠯ ᠢ ᠯᠠᠪᠳᠠᠭᠤᠨ ᠪᠠᠲᠤᠲᠠᠶ ᠪᠠᠷ ᠲᠥᠯᠬᠢᠨ ᠠᠬᠢᠭᠤᠯᠵᠤ ᠪᠣᠢ
ᠨᠡᠶᠢᠲᠡᠯᠡᠭᠰᠡᠨ ᠴᠠᠭ᠄
2017/6/13
      2017 ᠣᠨ ᠳᠤ᠂ ᠲᠦᠩᠯᠢᠶᠣᠤ ᠬᠤᠲᠠ ᠰᠤᠷᠭᠠᠨ ᠬᠥᠮᠦᠵᠢᠯ ᠢᠶᠠᠷ ᠶᠠᠳᠠᠭᠤ ᠶᠢ ᠲᠡᠳᠬᠦᠬᠦ ᠢᠨᠵᠧᠨᠧᠷᠢᠩ ᠢ ᠶᠡᠬᠡᠪᠡᠷ ᠬᠡᠷᠡᠭᠵᠢᠭᠦᠯᠵᠦ᠂ ᠰᠤᠷᠭᠠᠨ ᠬᠥᠮᠦᠵᠢᠯ ᠢᠶᠠᠷ ᠲᠤᠰᠠᠯᠠᠮᠵᠢ ᠣᠯᠭᠤᠬᠤ ᠲᠦᠷᠦ ᠶᠢᠨ ᠪᠤᠳᠤᠯᠭ᠎ᠠ ᠶᠢ ᠪᠦᠷᠢᠨᠰᠢᠭᠦᠯᠵᠦ᠂ ᠲᠦᠩᠯᠢᠶᠣᠤ ᠬᠤᠲᠠ ᠶᠢᠨ ︽ᠪᠦᠬᠦ ᠬᠤᠲᠠ ᠶᠢᠨ ᠳᠠᠩᠰᠠ ᠡᠪᠬᠡᠮᠡᠯ ᠪᠠᠶᠢᠭᠤᠯᠤᠨ ᠺᠠᠷᠲ ᠠᠪᠤᠭᠰᠠᠨ ᠶᠠᠳᠠᠭᠤ ᠬᠦᠴᠢᠷᠳᠡᠯᠲᠡᠶ ᠭᠡᠷ ᠪᠦᠯᠢ ᠶᠢᠨ ᠰᠤᠷᠭᠠᠭᠤᠯᠢ ᠳᠤ ᠰᠤᠷᠤᠯᠴᠠᠵᠤ ᠪᠠᠶᠢᠭ᠎ᠠ ᠰᠤᠷᠤᠭᠴᠢᠳ ᠲᠤ ᠰᠤᠷᠤᠯᠭ᠎ᠠ ᠶᠢᠨ ᠨᠦᠬᠦᠪᠦᠷᠢ ᠣᠯᠭᠤᠬᠤ ᠲᠤᠬᠠᠶ ᠪᠣᠳᠠᠲᠠᠶ ᠰᠠᠨᠠᠯ︾᠎ ᠢ ᠲᠣᠭᠲᠠᠭᠠᠨ ᠨᠡᠶᠢᠲᠡᠯᠡᠵᠦ᠂ ᠪᠥᠬᠦᠨ ᠢ ᠬᠠᠮᠤᠷᠤᠨ᠂ ᠲᠤᠰᠠᠯᠠᠵᠦ ᠴᠢᠳᠠᠬᠤ ᠶᠢ ᠨᠢ ᠳᠡᠶᠢᠯᠬᠦ ᠶᠢᠨ ᠬᠢᠷᠢ ᠪᠠᠷ ᠢᠶᠠᠨ ᠲᠤᠰᠠᠯᠠᠬᠤ ᠵᠠᠷᠴᠢᠮ ᠢ ᠪᠠᠷᠢᠮᠲᠠᠯᠠᠵᠤ᠂ ᠳᠠᠩᠰᠠ ᠡᠪᠬᠡᠮᠡᠯ ᠪᠠᠶᠢᠭᠤᠯᠤᠨ ᠺᠠᠷᠲ ᠠᠪᠤᠭᠰᠠᠨ ᠶᠠᠳᠠᠭᠤ ᠬᠦᠴᠢᠷᠳᠡᠯᠲᠡᠶ ᠭᠡᠷ ᠪᠦᠯᠢ ᠶᠢᠨ ᠪᠠᠭ᠎ᠠ ᠰᠤᠷᠭᠠᠭᠤᠯᠢ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠳᠤ ᠰᠤᠷᠤᠯᠴᠠᠵᠤ ᠪᠠᠶᠢᠭ᠎ᠠ ᠰᠤᠷᠤᠬᠴᠢ ᠪᠣᠯᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢ ᠦᠯᠦ ᠬᠦᠷᠲᠡᠬᠦ ᠳᠠᠩᠰᠠ ᠡᠪᠬᠡᠮᠡᠯ ᠪᠠᠶᠢᠭᠤᠯᠤᠨ ᠺᠠᠷᠲ ᠠᠪᠤᠭᠰᠠᠨ ᠶᠠᠳᠠᠭᠤ ᠬᠦᠴᠢᠷᠳᠡᠯᠲᠡᠶ ᠭᠡᠷ ᠪᠦᠯᠢ ᠶᠢᠨ ᠶᠡᠭᠡ ᠳᠡᠭᠡᠳᠦ ᠰᠤᠷᠭᠠᠭᠤᠯᠢ ᠶᠢᠨ ᠵᠢᠩᠭᠢᠨᠢ ᠠᠩᠭᠢ᠂ ᠲᠤᠰᠬᠠᠶ ᠮᠡᠷᠭᠡᠵᠢᠯ ᠤᠨ ᠠᠩᠭᠢ ᠳᠤ ᠰᠤᠷᠤᠯᠴᠠᠵᠤ ᠪᠠᠶᠢᠭ᠎ᠠ ᠰᠣᠷᠣᠭᠴᠢ ᠶᠢᠨ ᠨᠥᠬᠦᠪᠥᠷᠢ ᠶᠢᠨ ᠪᠠᠷᠢᠮᠵᠢᠶ᠎ᠠ᠂ ᠠᠷᠭ᠎ᠠ ᠮᠠᠶ᠋ᠢᠭ ᠵᠢᠴᠢ ᠶᠠᠪᠤᠴᠠ ᠶᠢ ᠲᠣᠳᠣᠷᠬᠠᠶᠢᠯᠠᠵᠤ᠂ ᠶᠠᠳᠠᠭᠤ ᠬᠦᠴᠢᠷᠳᠡᠯᠲᠡᠶ ᠭᠡᠷ ᠪᠦᠯᠢ ᠶᠢᠨ ᠦᠷ᠎ᠡ ᠬᠡᠤᠬᠡᠳ ᠤᠳ ᠰᠤᠷᠤᠯᠭ᠎ᠠ ᠪᠠᠨ ᠠᠮᠵᠢᠯᠲᠠᠲᠠᠢ ᠲᠡᠭᠦᠰᠬᠦ ᠶᠢ ᠥᠨᠡᠨᠬᠦ ᠪᠠᠲᠤᠯᠠᠨ᠂ ᠶᠠᠳᠠᠭᠤ ᠬᠦᠴᠢᠷᠳᠡᠯ ᠦᠶ᠎ᠡ ᠤᠯᠠᠷᠢᠬᠤ ᠶᠢ ᠪᠦᠲᠦᠮᠵᠢᠲᠡᠢ ᠬᠤᠷᠢᠭᠯᠠᠪᠠ᠃      ᠲᠤᠰ ᠬᠤᠲᠠ ᠶᠢᠨ ᠬᠡᠪᠴᠢᠶᠡᠨ ᠳᠠᠬᠢ ᠳᠠᠩᠰᠠ ᠡᠪᠬᠡᠮᠡᠯ ᠪᠠᠶᠢᠭᠤᠯᠤᠨ ᠺᠠᠷᠲ ᠠᠪᠤᠭᠰᠠᠨ ᠶᠠᠳᠠᠭᠤ ᠬᠦᠴᠢᠷᠳᠡᠯᠲᠡᠶ ᠭᠡᠷ ᠪᠦᠯᠢ ᠶᠢᠨ ᠰᠤᠷᠭᠠᠭᠤᠯᠢ ᠳᠤ ᠰᠤᠷᠤᠯᠴᠠᠵᠤ ᠪᠠᠶᠢᠭ᠎ᠠ ᠪᠠᠭ᠎ᠠ ᠰᠤᠷᠭᠠᠭᠤᠯᠢ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠤᠭᠴᠢᠳ ᠲᠤ᠂ ᠪᠠᠭ᠎ᠠ ᠰᠤᠷᠭᠠᠭᠤᠯᠢ ᠶᠢᠨ ᠰᠣᠷᠣᠭᠴᠢ ᠪᠦᠷᠢ ᠵᠢᠯ ᠪᠦᠷᠢ 1800 ᠲᠥᠭᠦᠷᠢᠭ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠣᠷᠣᠭᠴᠢ ᠪᠦᠷᠢ ᠵᠢᠯ ᠪᠦᠷᠢ 2000 ᠲᠥᠭᠦᠷᠢᠭ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ᠂ ᠳᠤᠮᠳᠠᠳᠤ ᠵᠡᠷᠭᠡ ᠶᠢᠨ ᠠᠵᠢᠯ ᠮᠡᠷᠭᠡᠵᠢᠯ ᠤᠨ ᠰᠤᠷᠤᠭᠴᠢ ᠪᠦᠷᠢ ᠵᠢᠯ ᠪᠦᠷᠢ 2400 ᠲᠥᠭᠦᠷᠢᠭ ᠤᠨ ᠨᠦᠬᠦᠪᠦᠷᠢ ᠣᠯᠭᠤᠵᠠᠢ᠃ ᠳᠠᠩᠰᠠ ᠡᠪᠬᠡᠮᠡᠯ ᠪᠠᠶᠢᠭᠤᠯᠤᠨ ᠺᠠᠷᠲ ᠠᠪᠤᠭᠰᠠᠨ ᠶᠠᠳᠠᠭᠤ ᠬᠦᠴᠢᠷᠳᠡᠯ ᠲᠠᠢ ᠭᠡᠷ ᠪᠦᠯᠢ ᠶᠢᠨ ᠶᠡᠭᠡ ᠳᠡᠭᠡᠳᠦ ᠰᠤᠷᠭᠠᠭᠤᠯᠢ ᠶᠢᠨ ᠵᠢᠩᠭᠢᠨᠢ ᠠᠩᠭᠢ᠂ ᠲᠤᠰᠬᠠᠶ ᠮᠡᠷᠭᠡᠵᠢᠯ ᠤᠨ ᠠᠩᠭᠢ ᠳᠤ ᠰᠤᠷᠤᠯᠴᠠᠵᠤ ᠪᠠᠶᠢᠭ᠎ᠠ ᠰᠤᠷᠤᠭᠴᠢᠳ ᠲᠤ᠂ ᠲᠤᠰ ᠲᠤᠰ 3 ᠲᠦᠮᠡᠨ ᠲᠥᠭᠦᠷᠢᠭ ᠪᠣᠯᠤᠨ 4 ᠲᠦᠮᠡᠨ ᠲᠥᠭᠦᠷᠢᠭ ᠤᠨ ᠨᠦᠬᠦᠪᠦᠷᠢ ᠮᠦᠩᠭᠦ ᠶᠢ ᠨᠢᠭᠡ ᠯᠡ ᠤᠳᠠᠭ᠎ᠠ ᠣᠯᠭᠤᠵᠣ᠂ ᠳᠡᠮᠵᠢᠯᠭᠡ ᠪᠠᠷ ᠳᠠᠮᠵᠢᠵᠤ ᠶᠠᠳᠠᠭᠤ ᠠᠴᠠ ᠠᠩᠭᠢᠵᠢᠷᠠᠭᠰᠠᠨ ᠤ ᠰᠡᠭᠦᠯᠡᠷ ᠨᠦᠬᠦᠪᠦᠷᠢ ᠶᠢᠨ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠢ ᠳᠠᠬᠢᠨ ᠭᠥᠷᠳᠡᠬᠦ ᠦᠭᠡᠶ ᠪᠣᠯᠭᠠᠵᠠᠢ᠃      2016 ᠣᠨ ᠳᠤ᠂ ᠪᠥᠬᠦ ᠬᠤᠲᠠ ᠶᠢᠨ ᠳᠠᠩᠰᠠ ᠡᠪᠬᠡᠮᠡᠯ ᠪᠠᠶᠢᠭᠤᠯᠤᠨ ᠺᠠᠷᠲ ᠠᠪᠤᠭᠰᠠᠨ ᠶᠠᠳᠠᠭᠤ ᠬᠦᠴᠢᠷᠳᠡᠯᠲᠡᠶ ᠭᠡᠷ ᠪᠦᠯᠢ ᠶᠢᠨ 4350 ᠦᠷ᠎ᠡ ᠬᠡᠤᠬᠡᠳ ᠤᠨ ᠰᠤᠷᠤᠯᠭ᠎ᠠ ᠶᠢ ᠨᠢ ᠠᠮᠵᠢᠯᠲᠠᠲᠠᠢ ᠲᠡᠭᠦᠰᠬᠡᠵᠦ᠂ ᠶᠠᠳᠠᠭᠤ ᠬᠦᠴᠢᠷᠳᠡᠯᠲᠡᠶ ᠭᠡᠷ ᠪᠦᠯᠢ ᠶᠢᠨ ᠦᠷ᠎ᠡ ᠬᠡᠤᠬᠡᠳ ᠲᠤ ᠬᠥᠮᠦᠵᠢᠯ ᠬᠦᠷᠲᠡᠭᠡᠬᠦ ᠶᠢ ︽ᠪᠦᠷᠢᠨ ᠪᠦᠷᠬᠦᠭᠦᠯᠵᠡᠢ︾᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号