︽13·5︾᠎ ᠶᠢᠨ ᠲᠦᠯᠦᠪᠵᠢᠬᠦᠯᠭᠡ ᠶᠢᠨ ᠬᠤᠭᠤᠴᠠᠭᠠᠨ ᠳᠠᠬᠢ ᠬᠢᠯᠢ ᠬᠢᠵᠠᠭᠠᠷ ᠤᠷᠤᠨ ᠤ ᠬᠦᠭᠵᠢᠯᠳᠠ ᠶᠢᠨ ᠠᠵᠢᠯᠯᠠᠭᠠᠨ ᠤ ᠬᠦᠳᠦᠯᠪᠦᠷᠢ — ᠤᠯᠤᠰ ᠤᠨ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠤᠨ ᠡᠷᠬᠢᠯᠡᠭᠴᠢ ᠪᠠᠭᠠᠲᠤᠷ ︽ᠬᠢᠯᠢ ᠬᠢᠵᠠᠭᠠᠷ ᠤᠷᠤᠨ ᠢ ᠬᠦᠭᠵᠢᠬᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ ᠶᠢᠨ ︿13·5﹀᠎ ᠶᠢᠨ ᠲᠦᠯᠦᠪᠵᠢᠬᠦᠯᠭᠡ︾᠎ ᠶᠢᠨ ᠲᠤᠬᠠᠢ ᠶᠠᠷᠢᠬᠰᠠᠨ ᠨᠢ
ᠨᠡᠶᠢᠲᠡᠯᠡᠭᠰᠡᠨ ᠴᠠᠭ᠄
2017/6/13
      ᠤᠶᠢᠷ᠎ᠠ ᠶᠢᠨ ᠡᠳᠦᠷ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠠᠯᠪᠡᠨ ᠲᠢᠩᠬᠢᠮ ︽ᠬᠢᠯᠢ ᠬᠢᠵᠠᠭᠠᠷ ᠤᠷᠤᠨ ᠢ ᠬᠦᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ ᠶᠢᠨ ︿13·5﹀᠎ ᠶᠢᠨ ᠲᠦᠯᠦᠪᠵᠢᠬᠦᠯᠭᠡ︾᠎ ᠶᠢ ᠳᠠᠷᠤᠮᠠᠯᠯᠠᠨ ᠳᠠᠷᠬᠠᠭᠠᠵᠠᠢ᠃ ᠡᠬᠦᠨ ᠤ ᠲᠤᠬᠠᠢ᠂ ᠤᠯᠤᠰ ᠤᠨ ᠦᠨᠳᠦᠰᠦᠳᠡᠨ ᠤ ᠭᠡᠷᠡᠭ ᠡᠷᠬᠢᠯᠡᠬᠦ ᠵᠦᠪᠯᠡᠯ ᠤᠨ ᠡᠷᠬᠢᠯᠡᠭᠴᠢ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠪᠠᠭᠠᠳᠤᠷ ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠶᠢᠨ ᠰᠤᠷᠪᠤᠯᠵᠢᠯᠠᠭ᠎ᠠ ᠶᠢ ᠬᠦᠯᠢᠶᠡᠵᠦ ︽ᠲᠦᠯᠦᠪᠵᠢᠬᠦᠯᠭᠡ︾᠎ ᠶᠢᠨ ᠬᠤᠯᠪᠤᠭᠳᠠᠯ ᠪᠦᠬᠦᠢ ᠪᠠᠶᠢᠳᠠᠯ ‍ᠣᠨ‌‍ᠲ᠋ᠤᠬᠠᠢ ᠶᠠᠷᠢᠪᠠ᠃      ᠬᠢᠯᠢ ᠬᠢᠵᠠᠭᠠᠷ ᠤᠷᠤᠨ᠎ ᠢ ᠬᠦᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ ᠶᠢ ᠦᠷᠬᠦᠯᠵᠢᠯᠡᠨ ᠭᠡᠷᠡᠭᠵᠢᠬᠦᠯᠦᠭᠡᠳ ᠦᠷ᠎ᠠ ᠪᠦᠳᠦᠮᠵᠢ ᠮᠡᠳᠡᠭᠳᠡᠮ᠎ᠠ ᠪᠠᠶᠢᠨ᠎ᠠ      ᠮᠠᠨ ᠤ ᠤᠯᠤᠰ ᠤᠨ ᠡᠭᠡ ᠬᠠᠭᠤᠷᠢ ᠶᠢᠨ ᠬᠢᠯᠢ ᠵᠠᠭᠠᠭ 14 ᠤᠯᠤᠰ ᠲᠠᠢ ᠵᠠᠯᠭᠠᠯᠳᠤᠵᠦ᠂ ᠡᠭᠡ ᠬᠠᠭᠤᠷᠠᠢ ᠶᠢᠨ ᠬᠢᠯᠢ ᠶᠢᠨ ᠱᠤᠭᠤᠮ ᠤᠨ ᠤᠷᠳᠤ 2.2 ᠲᠦᠮᠡᠨ ᠺᠢᠯᠤᠮᠧᠲᠷ ᠪᠠᠶᠢᠵᠤ᠂ ᠡᠬᠦᠨ ᠳᠤ 1.9 ᠲᠦᠮᠡᠨ ᠺᠢᠯᠤᠮᠧᠲᠷ ᠨᠢ ᠦᠨᠳᠦᠰᠦᠳᠡᠨ ᠤ ᠭᠠᠵᠠᠷ ᠤᠷᠤᠨ ᠪᠤᠯᠤᠨ᠎ᠠ᠃ ᠡᠨᠡᠬᠦ ᠱᠤᠭᠤᠮ ᠤᠨ ᠳᠤᠳᠤᠷ᠎ᠠ᠂ ᠥᠪᠦᠷ ᠮᠤᠩᠭᠤᠯ᠂ ᠯᠢᠶᠤᠤᠨᠢᠩ᠂ ᠬᠢᠷᠢᠨ᠂ ᠬᠠᠷᠠᠮᠦ᠋ᠷᠡᠨ᠂ ᠭᠤᠸᠠᠩᠰᠢ᠂ ᠶᠦᠨᠨᠠᠨ᠂ ᠲᠦᠪᠡᠳ᠂ ᠭᠠᠨᠰᠦ᠂ ᠰᠢᠨᠵᠢᠶᠠᠩ ᠵᠡᠷᠭᠡ 9 ᠮᠤᠵᠢ ᠦᠪᠡᠷᠲᠡᠭᠡᠨ ᠵᠠᠰᠠᠬᠤ ᠤᠷᠤᠨ ᠤ 140 ᠬᠢᠯᠢ ᠬᠢᠵᠠᠭᠠᠷ ᠤᠨ ᠰᠢᠶᠠᠨ ︵ᠬᠤᠰᠢᠭᠤ᠂ ᠬᠤᠳᠠ᠂ ᠬᠤᠳᠠ ᠶᠢᠨ ᠬᠠᠷᠢᠶ᠎ᠠ ᠲᠤᠭᠤᠷᠢᠭ︶ ᠪᠠᠶᠢᠬᠤ ᠪᠦᠭᠡᠳ ᠪᠠᠰᠠ ᠰᠢᠨᠵᠢᠶᠡᠩ ᠤᠨ ᠦᠢᠯᠡᠳᠪᠤᠷᠢᠯᠡᠯ ᠪᠦᠳᠦᠭᠡᠨ ᠪᠠᠶᠢᠭᠤᠯᠤᠯᠲᠠ ᠶᠢᠨ ᠪᠢᠩᠲ᠋ᠤᠸᠠᠨ ᠤ 58 ᠬᠢᠯᠢ ᠶᠢᠨ ᠬᠤᠷᠢᠶ᠎ᠠ ᠲᠠᠯᠠᠪᠠᠢ ᠪᠤᠢ᠃ 197 ᠳᠦᠮᠡᠨ ᠳᠡᠭᠰᠢ ᠳᠦᠷᠪᠡᠯᠵᠢᠨ ᠺᠢᠯᠦᠮᠧᠲᠷ ᠪᠦᠬᠦᠢ ᠡᠨᠡᠬᠦ ᠨᠤᠳᠤᠬ ᠳᠡᠪᠢᠰᠬᠡᠷ ᠳᠡᠬᠡᠷ᠎ᠠ᠂ ᠮᠠᠨ ᠤ ᠤᠯᠤᠰ ᠤᠨ 2300 ᠭᠠᠷᠤᠢ ᠳᠦᠮᠡᠨ ᠦᠨᠳᠦᠰᠦᠳᠡᠨ ᠨᠦᠭᠦᠳ ᠤᠨ ᠠᠷᠠᠳ ᠳᠦᠮᠡᠨ ᠤᠷᠤᠰᠢᠨ ᠠᠮᠢᠳᠤᠷᠠᠵᠦ ᠪᠤᠢ᠂ ᠳᠡᠬᠦᠨ ᠤ ᠳᠤᠳᠤᠷ᠎ᠠ ᠴᠦᠬᠡᠨ ᠳᠤᠭᠠᠳᠤ ᠦᠨᠳᠦᠰᠦᠳᠡᠨ ᠤ ᠬᠦᠮᠦᠨ ᠠᠮᠠ ᠪᠠᠷᠤᠬ ᠬᠠᠭᠠᠰ ᠰᠢᠬᠠᠮ ᠳᠤᠭ᠎ᠠ ᠶᠢ ᠡᠵᠡᠯᠡᠵᠦ᠂ 30 ᠭᠠᠷᠤᠢ ᠦᠨᠳᠦᠰᠦᠳᠡᠨ ᠨᠢ ᠬᠦᠷᠰᠢ ᠵᠡᠷᠬᠡᠯᠡᠳᠡᠭᠡ ᠤᠯᠤᠰ ᠤᠳ ᠤᠨ ᠠᠳᠠᠯᠢ ᠦᠨᠳᠦᠰᠦᠳᠡᠨ ᠲᠠᠢ ᠪᠠᠨ ᠬᠦᠷᠰᠢᠯᠡᠨ ᠰᠠᠭᠤᠵᠦ ᠪᠤᠢ᠃      ᠪᠠᠭᠠᠳᠤᠷ ᠳᠠᠨᠢᠯᠴᠠᠭᠤᠯᠬᠤ ᠳᠠᠭᠠᠨ᠂ ᠨᠠᠮ ᠤᠨ ᠳᠦᠪ ᠬᠤᠷᠢᠶ᠎ᠠ᠂ ᠳᠦᠷᠦ ᠶᠢᠨ ᠶᠠᠪᠤᠳᠠᠯ ᠤᠨ ᠬᠤᠷᠢᠶ᠎ᠠ ᠢᠮᠠᠬᠳᠠ ᠦᠨᠳᠦᠰᠦᠳᠡᠨ ᠤ ᠠᠵᠢᠯ ᠢ ᠳᠡᠬᠡᠳᠦ ᠬᠡᠮᠵᠢᠶ᠎ᠠ ᠪᠠᠷ ᠬᠦᠨᠳᠦᠳᠬᠡᠨ ᠦᠵᠡᠵᠦ᠂ ᠬᠢᠯᠢ ᠬᠢᠵᠠᠭᠠᠷ ᠤᠷᠤᠨ ᠤ ᠬᠦᠭᠵᠢᠯᠳᠡ ᠳᠤ ᠳᠤᠩ ᠶᠡᠭᠡ ᠠᠩᠬᠠᠷᠤᠯ ᠳᠠᠯᠪᠢᠬᠰᠠᠭᠠᠷ ᠢᠷᠡᠵᠡᠢ᠃ 1999 ᠤᠨ ᠤ ᠳᠦᠪ ᠤᠨ ᠦᠨᠳᠦᠰᠦᠳᠡᠨ ᠤ ᠠᠵᠢᠯ ᠤᠨ ᠬᠤᠷᠠᠯ ᠠᠴᠠ ᠬᠢᠯᠢ ᠬᠢᠵᠠᠭᠠᠷ ᠤᠷᠤᠨ ᠢ ᠬᠦᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ ᠶᠢ ᠬᠡᠷᠡᠭᠵᠢᠬᠦᠯᠬᠦ ᠪᠠᠶᠢᠯᠳᠤᠬᠤ ᠪᠤᠳᠤᠯᠭ᠎ᠠ ᠶᠢᠨ ᠰᠢᠢᠳᠪᠤᠷᠢᠳᠦ ᠪᠤᠳᠤᠯᠭ᠎ᠠ ᠶᠢ ᠳᠤᠬᠳᠠᠭᠠᠪᠠ᠃ ᠡᠯ᠎ᠠ ᠬᠠᠮᠢᠶ᠎ᠠ ᠪᠦᠬᠦᠢ ᠭᠠᠵᠠᠷ ᠤᠷᠤᠨ ᠪᠤᠯᠤᠨ ᠰᠠᠯᠠᠭ᠎ᠠ ᠮᠦᠴᠢᠷ ᠤᠨ ᠬᠠᠮᠳᠤ ᠶᠢᠨ ᠴᠢᠷᠮᠠᠶᠢᠯᠭ᠎ᠠ ᠪᠠᠷ᠂ ᠬᠢᠯᠢ ᠬᠢᠵᠠᠭᠠᠷ ᠤᠷᠤᠨ ᠢ ᠬᠦᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ ᠦᠷᠬᠦᠯᠵᠢᠯᠡᠨ ᠬᠡᠷᠡᠭᠵᠢᠬᠦᠯᠦᠭᠳᠡᠵᠦ᠂ ᠢᠯᠡ ᠮᠡᠳᠡᠭᠳᠡᠮ᠎ᠠ ᠠᠮᠵᠢᠯᠳᠡ ᠪᠦᠳᠦᠮᠵᠢ ᠤᠯᠵᠠᠢ᠃ ᠢᠯᠠᠩᠭᠤᠶ᠎ᠠ ᠬᠢᠯᠢ ᠬᠢᠵᠠᠭᠠᠷ ᠤᠷᠤᠨ ᠢ ᠬᠦᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭᠠᠨ ᠤ ︽11·5︾ ︽12·5︾᠎ ᠶᠢᠨ ᠳᠦᠯᠦᠪᠵᠢᠬᠦᠯᠬᠡ ᠶᠢ ᠬᠡᠷᠡᠭᠵᠢᠬᠦᠯᠬᠦ ᠪᠠᠷ ᠳᠠᠮᠵᠢᠨ᠂ ᠬᠢᠯᠢ ᠬᠢᠵᠠᠭᠠᠷ ᠤᠷᠤᠨ ᠤ ᠶᠡᠷᠦᠩᠭᠡᠶᠢᠯᠡᠭᠰᠡᠨ ᠠᠵᠦ ᠠᠬᠤᠢ ᠶᠢᠨ ᠪᠤᠳᠠᠳᠤ ᠬᠦᠴᠦᠨ ᠢᠯᠡᠳᠳᠡ ᠨᠡᠮᠡᠭᠳᠡᠨ ᠴᠢᠩᠭᠠᠷᠠᠵᠦ᠂ ᠰᠠᠭᠤᠷᠢ ᠳᠦᠬᠦᠬᠡᠷᠦᠮᠵᠢ ᠪᠤᠯᠤᠨ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠬᠡᠨ ᠤ ᠰᠢᠰᠲ᠋ᠧᠮᠵᠢ ᠳᠠᠰᠤᠷᠠᠯᠳᠠ ᠦᠬᠡᠢ ᠪᠦᠷᠢᠨᠰᠢᠵᠦ᠂ ᠬᠢᠯᠢ ᠬᠢᠵᠠᠭᠠᠷ ᠤᠷᠤᠨ ᠤ ᠠᠷᠠᠳ ᠤᠨ ᠦᠢᠯᠡᠳᠪᠤᠷᠢᠯᠡᠯ ᠠᠮᠢᠳᠤᠷᠠᠯ ᠤᠨ ᠨᠦᠬᠦᠴᠡᠯ ᠶᠡᠬᠡᠪᠡᠷ ᠰᠠᠶᠢᠵᠢᠷᠠᠵᠤ᠂ ᠭᠠᠳᠠᠭᠠᠳᠤ ᠨᠡᠬᠡᠬᠡᠯᠳᠡ ᠶᠢᠨ ᠳᠦᠪᠰᠢᠨ ᠨᠢ ᠳᠠᠰᠤᠷᠠᠯᠳᠠ ᠦᠬᠡᠢ ᠳᠡᠬᠡᠭᠰᠢᠯᠡᠵᠦ᠂ ᠦᠨᠳᠦᠰᠦᠳᠡᠨ ᠤ ᠪᠦᠯᠬᠦᠮᠳᠡᠯ ᠪᠤᠯᠤᠨ ᠬᠢᠯᠢ ᠶᠢᠨ ᠬᠠᠮᠠᠭᠠᠯᠠᠯᠳᠠ ᠶᠢᠨ ᠦᠷ᠎ᠠ ᠪᠦᠳᠦᠮᠵᠢ ᠳᠤᠪᠤᠶᠢᠮ᠎ᠠ ᠪᠤᠯᠵᠤ᠂ ᠦᠨᠳᠦᠰᠦᠳᠡᠨ ᠨᠦᠭᠦᠳ ᠤᠨ ᠨᠢᠬᠳᠠᠷᠠᠯ ᠤᠨ ᠬᠦᠴᠦᠨ ᠢᠯᠡᠳᠳᠡ ᠴᠢᠩᠭᠠᠷᠠᠵᠦ᠂ ᠬᠢᠯᠢ ᠬᠢᠵᠠᠭᠠᠷ ᠤᠷᠤᠨ ᠤ ᠴᠢᠨᠡᠬᠡᠯᠢᠭ ᠨᠡᠶᠢᠭᠡᠮ ᠢ ᠪᠦᠬᠦ ᠳᠠᠯ᠎ᠠ ᠪᠠᠷ ᠪᠡᠶᠡᠯᠡᠬᠦᠯᠬᠦ ᠳᠤ ᠪᠠᠳᠤ ᠪᠠᠬᠢ ᠰᠠᠭᠤᠷᠢ ᠳᠠᠯᠪᠢᠵᠠᠢ ᠬᠡᠪᠡ᠃      ᠬᠢᠯᠢ ᠬᠢᠵᠠᠭᠠᠷ ᠤᠷᠤᠨ ᠢ ᠬᠦᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ ᠶᠢᠨ ᠠᠵᠠ ᠲᠤᠬᠢᠶᠠᠯ ᠢ ᠰᠠᠶᠢᠲᠤᠷ ᠠᠳᠬᠤᠪᠠ      ᠪᠠᠭᠠᠲᠤᠷ᠂ ᠮᠠᠠ ᠤ ᠤᠯᠤᠰ ᠤᠨ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠬᠠᠷᠠᠯᠲᠠ ᠰᠢᠢᠳᠪᠦᠷᠢᠯᠡᠭᠴᠢ ᠴᠢᠨᠠᠷᠲᠠᠢ ᠱᠠᠲᠤᠨ ᠳᠤ ᠤᠷᠤᠬᠤ ᠶᠢ ᠲᠠᠭᠠᠯᠲᠤᠨ᠂ ᠤᠯᠤᠰ ᠠᠴᠠ ᠬᠢᠯᠢ ᠬᠢᠵᠠᠭᠠᠷ ᠤᠷᠤᠨ ᠢ ᠪᠦᠬᠦ ᠲᠠᠯ᠎ᠠ ᠪᠠᠷ ᠲᠡᠳᠭᠦᠨ ᠲᠡᠮᠵᠢᠬᠦ ᠡᠷᠴᠢᠮ ᠲᠠᠰᠤᠷᠠᠯᠲᠠ ᠦᠭᠡᠢ ᠴᠢᠩᠭᠠᠷᠠᠵᠤ᠂ ᠮᠠᠠ ᠤ ᠤᠯᠤᠰ ᠤᠨ ᠡᠷᠬᠢᠨ ᠲᠤᠭᠤᠷᠢᠨ ᠤ ᠤᠯᠤᠰ ᠤᠳ ᠯᠤᠭ᠎ᠠ ᠶᠢᠨ ᠬᠠᠷᠢᠯᠴᠠᠭ᠎ᠠ ᠶᠢᠨ ᠬᠦᠭᠵᠢᠯᠲᠠ ᠰᠢᠨ᠎ᠠ ᠱᠠᠲᠤᠨ ᠳᠤ ᠤᠷᠤᠵᠦ᠂ ᠬᠢᠯᠢ ᠬᠢᠵᠠᠭᠠᠷ ᠤᠷᠤᠨ ᠢ ᠬᠦᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ ᠤᠯᠲᠠᠬᠤᠶ᠎ᠠ ᠪᠡᠷᠭᠡ ᠠᠵᠠ ᠲᠤᠬᠢᠶᠠᠯ ᠳᠤ ᠲᠠᠭᠠᠷᠠᠯᠲᠤᠵᠠᠢ᠃ ᠶᠡᠷᠦᠩᠭᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠤᠰᠤᠭᠠᠷ᠂ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠲᠠᠯ ᠤᠨ ᠬᠤᠷᠢᠶ᠎ᠠ ᠶᠢᠨ ︽ᠰᠢᠨ᠎ᠠ ᠪᠠᠶᠢᠳᠠᠯ ᠲᠤᠤᠷᠠᠬᠢ ᠦᠨᠲᠦᠰᠦᠲᠡᠡ ᠤ ᠠᠵᠢᠯ ᠢ ᠴᠢᠩᠭᠠᠳᠬᠠᠠ ᠰᠠᠶᠢᠵᠢᠷᠠᠭᠤᠯᠬᠤ ᠲᠤᠬᠠᠢ ᠰᠠᠨᠠᠯ︾᠎ ᠳᠤ ᠲᠤᠷᠠᠲᠤᠭᠰᠠᠠ ᠪᠠᠶᠢᠷᠢᠯᠠᠭᠤᠯᠤᠯᠲᠠ ᠵᠢᠴᠢ ᠶᠡᠷᠦᠩᠭᠡᠢ ᠰᠠᠶᠢᠳ ᠯᠢ ᠺᠧ ᠴᠢᠶᠠᠩ ᠵᠡᠷᠭᠡ ᠤᠲᠤᠷᠢᠳᠬᠤ ᠨᠦᠬᠦᠳ ᠤᠨ ︽ᠲᠦᠯᠦᠪᠵᠢᠭᠦᠯᠭᠡ︾᠎ ᠶᠢ ᠨᠠᠶᠢᠷᠠᠭᠤᠯᠤᠨ ᠲᠤᠭᠲᠠᠭᠠᠬᠤ ᠲᠤᠬᠠᠢ ᠬᠤᠯᠪᠤᠭᠲᠠᠯ ᠪᠦᠬᠦᠢ ᠵᠢᠭᠠᠪᠤᠷᠢ ᠶᠢᠨ ᠵᠤᠷᠢᠭ ᠰᠠᠨᠠᠭ᠎ᠠ ᠶᠤᠰᠤᠭᠠᠷ᠂ 2014 ᠤᠨ ᠳᠤ ᠤᠯᠤᠰ ᠤᠨ ᠦᠨᠲᠦᠰᠦᠲᠡᠡ ᠤ ᠭᠡᠷᠡᠭ ᠡᠷᠬᠢᠯᠡᠬᠦ ᠵᠦᠪᠯᠡᠯ ᠬᠤᠯᠪᠤᠭᠲᠠᠯ ᠪᠦᠬᠦᠢ ᠰᠠᠯᠠᠭ᠎ᠠ ᠮᠦᠴᠢᠷ ᠲᠠᠢ ᠬᠠᠮᠲᠤᠷᠠᠨ ︽ᠲᠦᠯᠦᠪᠵᠢᠭᠦᠯᠭᠡ︾᠎ ᠶᠢ ᠨᠠᠶᠢᠷᠠᠭᠤᠯᠤᠨ ᠲᠤᠭᠲᠠᠭᠠᠬᠤ ᠠᠵᠢᠯ ᠤᠨ ᠤᠲᠤᠷᠢᠳᠬᠤ ᠳᠤᠭᠤᠶᠢᠯᠠᠩ ᠢ ᠪᠠᠶᠢᠭᠤᠯᠤᠭᠰᠠᠨ ᠪᠦᠭᠡᠳ ᠬᠤᠯᠪᠤᠭᠲᠠᠯ ᠪᠦᠬᠦᠢ ᠠᠵᠢᠯ ᠢ ᠡᠬᠢᠯᠡᠭᠦᠯᠵᠠᠢ᠃ ᠬᠢᠯᠢ ᠬᠢᠵᠠᠭᠠᠷ ᠤᠷᠤᠨ ᠳᠠᠬᠢ ᠲᠤᠰᠬᠠᠢ ᠰᠡᠲᠦᠪᠲᠦ ᠪᠠᠶᠢᠴᠠᠭᠠᠨ ᠰᠤᠲᠤᠯᠤᠯᠲᠠ ᠶᠢ ᠬᠦᠨᠵᠡᠭᠡᠢ ᠬᠢᠵᠦ᠂ ᠤᠷᠤᠨ ᠨᠤᠲᠤᠭ ᠤᠨ ᠨᠠᠮ ᠤᠨ ᠬᠤᠷᠢᠶ᠎ᠠ᠂ ᠵᠠᠰᠠᠭ ᠤᠨ ᠤᠷᠲᠤᠨ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ᠂ ᠤᠯᠤᠰ ᠲᠦᠷᠦ ᠶᠢᠨ ᠵᠦᠪᠯᠡᠯᠭᠡᠡ ᠤ ᠭᠡᠰᠢᠭᠦᠨ᠂ ᠦᠨᠲᠦᠰᠦᠨ ᠱᠠᠲᠤᠨ ᠤ ᠺᠠᠳ᠋ᠷ ᠤᠯᠠᠠ ᠲᠦᠮᠡᠡ ᠤ ᠰᠠᠨᠠᠯ ᠰᠠᠨᠠᠭᠤᠯᠭ᠎ᠠ ᠶᠢ ᠨᠠᠷᠢᠠ ᠬᠢᠨᠠᠮᠠᠭᠠᠢ ᠰᠤᠨᠤᠰᠴᠤ᠂ ᠬᠤᠯᠪᠤᠭᠲᠠᠯ ᠪᠦᠬᠦᠢ ᠰᠠᠯᠠᠭ᠎ᠠ ᠮᠦᠴᠢᠷ ᠪᠤᠯᠤᠨ ᠮᠤᠵᠢ ᠤᠷᠤᠨ ᠲᠠᠢ ᠵᠤᠬᠢᠴᠠᠭᠤᠯᠵᠦ ᠪᠠᠶᠢᠭᠠᠳ ︽ᠲᠦᠯᠦᠪᠵᠢᠭᠦᠯᠭᠡ︾᠎ ᠳᠤ ᠤᠷᠤᠭᠤᠯᠬᠤ ᠴᠢᠬᠤᠯᠠ ᠶᠡᠭᠡ ᠢᠨᠵᠧᠨᠧᠷᠢᠩ᠂ ᠲᠦᠷᠦᠯ ᠵᠦᠢᠯ ᠪᠤᠯᠤᠨ ᠲᠦᠷᠦ ᠶᠢᠨ ᠪᠤᠲᠤᠯᠭ᠎ᠠ ᠶᠢ ᠰᠤᠳᠤᠯᠬᠤ ᠪᠠ ᠡᠮᠬᠢᠯᠡᠵᠤ᠂ ᠲᠠᠬᠢᠨ ᠲᠠᠪᠲᠠᠠ ᠰᠤᠲᠤᠯᠵᠦ ᠵᠠᠰᠠᠪᠤᠷᠢ ᠤᠷᠤᠭᠤᠯᠵᠦ ᠪᠠᠶᠢᠭᠠᠳ ︽ᠲᠦᠯᠦᠪᠵᠢᠭᠦᠯᠭᠡ︾᠎ ᠶᠢᠨ ᠰᠨᠨᠠᠯ ᠬᠤᠷᠢᠶᠠᠬᠤ ᠡᠭᠡ ᠨᠤᠤᠷᠠᠭ ᠢ ᠪᠦᠷᠢᠯᠲᠦᠭᠦᠯᠦᠭᠰᠡᠡ ᠪᠠᠶᠢᠨ᠎ᠠ᠃ ᠡᠭᠦᠨ ᠤ ᠳᠠᠷᠠᠭ᠎ᠠ ᠪᠠᠷ 36 ᠬᠤᠯᠪᠤᠭᠳᠠᠯ ᠪᠦᠭᠦᠢ ᠰᠠᠯᠠᠭ᠎ᠠ ᠮᠦᠴᠢᠷ ᠵᠢᠴᠢ ᠬᠢᠯᠢ ᠬᠢᠵᠠᠭᠠᠷ ᠤᠨ ᠮᠤᠵᠢ ᠤᠷᠤᠨ ᠪᠡ ᠰᠢᠨᠵᠢᠶᠠᠩ ᠤᠨ ᠦᠢᠯᠡᠳᠪᠦᠷᠢᠯᠡᠯ ᠪᠦᠳᠦᠭᠡᠨ ᠨᠠᠶᠢᠭᠤᠯᠤᠯᠲᠠ ᠶᠢᠨ ᠪᠢᠩᠲ᠋ᠤᠸᠠᠨ ᠤ ᠰᠠᠨᠠᠯ ᠢ ᠬᠤᠷᠢᠶᠡᠬᠤ ᠶᠢᠨ ᠬᠠᠮᠳᠦ ᠲᠤᠰᠬᠠᠢ ᠮᠡᠷᠭᠡᠵᠢᠯᠳᠡᠨ ᠡᠷᠳᠡᠮᠳᠡᠳ ᠢ ᠵᠤᠬᠢᠶᠡᠨ ᠪᠠᠶᠢᠭᠤᠯᠵᠤ ᠨᠤᠳᠠᠯᠠᠯᠳᠠ ᠬᠢᠯᠭᠡᠵᠡᠢ᠃ ᠪᠢᠴᠢᠭ  ᠮᠠᠲ᠋ᠧᠷᠢᠶᠠᠯ ᠢ ᠲᠦᠷᠦ ᠶᠢᠨ ᠶᠠᠪᠤᠳᠠᠯ ᠤᠨ ᠬᠤᠷᠢᠶ᠎ᠠ ᠳᠤ ᠮᠡᠳᠡᠭᠦᠯᠦᠭᠰᠡᠨ ᠤ ᠲᠠᠷᠠᠭ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠠᠯᠪᠡᠨ ᠲᠢᠩᠬᠢᠮ 79 ᠬᠤᠯᠪᠤᠭᠳᠠᠯ ᠪᠦᠭᠦᠢ ᠰᠠᠯᠠᠭ᠎ᠠ ᠮᠦᠴᠢᠷ ᠲᠤ ᠭᠦᠷᠭᠡᠵᠤ ᠲᠡᠬᠢᠨ ᠬᠢᠨᠠᠭᠤᠯᠵᠠᠢ ᠬᠡᠪᠡ  ᠃      ᠠᠵᠢᠯ ᠤᠨ ᠪᠤᠳᠠᠳᠠᠢ ᠳᠤ ᠨᠡᠶᠢᠴᠡᠬᠦᠯᠵᠤ ︽ᠬᠢᠯᠢ ᠬᠢᠵᠠᠭᠠᠷ︾᠎ ᠤᠨ ᠤᠨᠴᠠᠯᠢᠭ ᠢ ᠢᠯᠡᠷᠡᠭᠦᠯᠪᠡ      ᠪᠠᠭᠠᠳᠤᠷ ᠤᠨ ᠦᠵᠡᠬᠦ ᠪᠠᠷ᠂ ︽ᠲᠦᠯᠦᠪᠵᠢᠭᠦᠯᠭᠡ︾᠎ ᠶᠢᠨ ᠵᠢᠯᠤᠭᠤᠳᠬᠤ ᠦᠵᠡᠯ ᠰᠠᠨᠠᠭ᠎ᠠ ᠲᠤᠳᠤᠷᠬᠠᠢ᠂ ᠰᠡᠳᠬᠢᠴᠡ ᠲᠤᠳᠤᠷᠬᠠᠢ᠂ ᠭᠤᠤᠯᠳᠠᠯᠭ᠎ᠠ ᠲᠠᠢ ᠡᠭᠦᠷᠭᠡ ᠳᠤᠪᠤᠶᠢᠮ᠎ᠠ ᠪᠤᠯᠵᠤ᠂ ᠭᠡᠷᠡᠭᠵᠢᠭᠦᠯᠵᠤ ᠪᠤᠯᠬᠤᠶᠢᠴᠠ ᠴᠢᠨᠠᠷ ᠢᠶᠠᠷ ᠴᠢᠩᠭ᠎ᠠ ᠪᠤᠯᠵᠤ᠂ ᠬᠢᠯᠢ ᠬᠢᠵᠠᠭᠠᠷ ᠤᠷᠤᠨ ᠪᠡ ᠦᠨᠳᠤᠰᠤᠳᠡᠨ ᠤ ᠠᠵᠢᠯ ᠤᠨ ᠪᠤᠳᠠᠳᠠᠢ ᠲᠠᠢ ᠨᠡᠶᠢᠴᠡᠵᠤ᠂ ᠢᠯᠡ ᠲᠤᠳᠤᠷᠬᠠᠢ ︽ᠬᠢᠯᠢ ᠬᠢᠵᠠᠭᠠᠷ︾᠎ ᠤᠨ ᠤᠨᠴᠠᠯᠢᠭ ᠢ ᠢᠯᠡᠷᠡᠭᠦᠯᠦᠭᠰᠡᠡ ᠪᠠᠶᠢᠨ᠎ᠠ᠃      ᠨᠢᠭᠡ ᠳᠤ᠂ ᠲᠤᠭᠳᠠᠭᠠᠬᠰᠡᠨ ᠲᠡᠮᠵᠢᠨ ᠲᠡᠳᠭᠦᠭᠦ ᠡᠳᠡᠭᠡᠳ — ᠬᠢᠯᠢ ᠬᠢᠵᠠᠭᠠᠷ ᠤᠷᠤᠨ ᠪᠡ ᠬᠢᠯᠢ ᠶᠢᠨ ᠠᠷᠠᠳ ᠲᠡᠭᠡᠷ᠎ᠡ ᠢᠯᠡᠷᠡᠭᠦᠯᠵᠠᠢ᠃ ᠬᠢᠯᠢ ᠬᠢᠵᠠᠭᠠᠷ ᠤᠷᠤᠨ ᠪᠦᠭᠦ ᠤᠯᠤᠰ ᠤᠨ ᠨᠤᠳᠤᠭ ᠲᠡᠪᠢᠰᠭᠡᠷ ᠤᠨ ᠲᠠᠯᠠᠪᠡᠢ ᠶᠢᠨ ᠲᠠᠪᠤᠨ ᠤ ᠨᠢᠭᠡ ᠶᠢ ᠡᠵᠡᠯᠡᠨ᠎ᠡ᠂ ᠬᠢᠯᠢ ᠶᠢᠨ ᠠᠷᠠᠳ ᠪᠤᠯ ᠬᠢᠯᠢ ᠬᠢᠵᠠᠭᠠᠷ ᠢ ᠪᠠᠬᠢᠵᠢᠭᠦᠯᠬᠦ ᠰᠠᠬᠢᠬᠤ ᠴᠢᠬᠤᠯᠡ ᠭᠦᠴᠤᠨ ᠪᠤᠯᠤᠨ᠎ᠡ᠃ ᠬᠢᠯᠢ ᠬᠢᠵᠠᠭᠠᠷ ᠤᠷᠤᠨ ᠪᠡ ᠬᠢᠯᠢ ᠶᠢᠨ ᠠᠷᠠᠳ ᠢ ᠲᠡᠮᠵᠢᠭᠦ ᠶᠢ ᠴᠢᠩᠭᠠᠳᠬᠠᠬᠤ ᠲᠦᠯᠦᠪᠵᠢᠭᠦᠯᠭᠡ ᠶᠢ ᠬᠡᠷᠡᠭᠵᠢᠭᠦᠯᠬᠦ ᠨᠢ ᠤᠨᠴᠠᠭᠠᠢ ᠴᠢᠬᠤᠯᠡ ᠠᠴᠢ ᠬᠤᠯᠪᠤᠭᠳᠠᠯ ᠲᠠᠢ᠃ ᠬᠤᠶᠠᠷ ᠲᠤ᠂ ᠲᠤᠭᠳᠠᠭᠠᠬᠰᠡᠨ ᠵᠤᠷᠢᠯᠳᠠ ᠪᠠ ᠬᠠᠷᠠᠯᠳᠡ — ᠠᠷᠠᠳ ᠢ ᠪᠡᠶᠡᠵᠢᠭᠤᠯᠬᠤ᠂ ᠬᠢᠯᠢ ᠬᠢᠵᠠᠭᠠᠷ ᠢ ᠭᠦᠭᠵᠢᠭᠦᠯᠭᠦ᠂ ᠤᠯᠤᠰ ᠢ ᠭᠦᠴᠦᠷᠭᠡᠭᠵᠢᠭᠦᠯᠭᠦ᠂ ᠬᠦᠷᠰᠢ ᠵᠡᠷᠬᠡᠯᠡᠳᠡᠭᠡ ᠪᠠᠷ ᠢᠶᠠᠨ ᠡᠶ᠎ᠡ ᠨᠠᠶᠢᠷᠰᠠᠭ ᠪᠠᠶᠢᠬᠤ ᠲᠡᠭᠡᠷ᠎ᠡ ᠢᠯᠡᠷᠡᠬᠦᠯᠵᠡᠢ᠃ ︽ᠲᠦᠯᠦᠪᠵᠢᠭᠦᠯᠭᠡ︾᠎ ᠨᠢ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠬᠦᠮᠤᠨ ᠤ ᠰᠡᠳᠬᠢᠯ ᠢ ᠨᠢᠭᠳᠠᠷᠠᠭᠤᠯᠬᠤ ᠪᠠᠷ ᠭᠠᠷᠤᠭ᠎ᠠ ᠪᠤᠯᠤᠨ ᠲᠤᠰᠤᠯᠳᠠ ᠪᠤᠯᠭᠠᠵᠤ᠂ ︽ᠲᠤᠮᠳᠠᠳᠤ ᠶᠢᠨ ᠦᠨᠳᠤᠰᠤᠳᠡᠨ ᠨᠢᠭᠡ ᠭᠡᠷ ᠤᠨ ᠬᠦᠮᠦᠰ ᠮᠡᠳᠤ ᠲᠤᠳᠤᠨᠤ ᠪᠠᠶᠢᠵᠤ᠂ ᠰᠡᠳᠬᠢᠯ ᠨᠢᠭᠡᠳᠦᠨ ᠲᠤᠮᠳᠠᠳᠤ ᠶᠢᠨ ᠵᠡᠭᠦᠳᠤ ᠶᠢ ᠲᠡᠷᠭᠡᠯᠰᠢᠭᠦᠯᠬᠦ︾ ᠬᠠᠮᠳᠤ ᠶᠢᠨ ᠬᠠᠷᠠᠯᠳᠡ ᠶᠢ ᠪᠠᠷᠢᠮᠳᠠᠯᠠᠵᠤ᠂ ᠤᠯᠤᠰ ᠤᠨ ᠡᠷᠭᠡ ᠮᠡᠳᠡᠯ ᠪᠡ ᠨᠤᠳᠤᠭ ᠲᠡᠪᠢᠰᠭᠡᠷ ᠤᠨ ᠪᠦᠷᠢᠨ ᠪᠦᠳᠦᠨ ᠢ ᠬᠠᠮᠠᠭᠠᠯᠠᠬᠤ ᠶᠢ ᠪᠠᠷᠢᠮᠲᠠᠯᠠᠨ᠂ ᠬᠦᠭᠵᠢᠯ ᠪᠠᠲᠠᠷᠠᠯ ᠲᠠᠢ᠂ ᠲᠤᠭᠳᠠᠭᠤᠨ᠂ ᠡᠶ᠎ᠡ ᠵᠤᠬᠢᠴᠠᠩᠭᠤᠢ ᠬᠢᠯᠢ ᠭᠢᠵᠠᠭᠠᠷ ᠢ ᠬᠦᠴᠦᠯᠡᠨ ᠪᠠᠶᠢᠭᠤᠯᠬᠤ᠂ ᠡᠭᠡ ᠤᠯᠤᠰ ᠤᠨ ᠬᠢᠯᠢ ᠬᠢᠵᠠᠭᠠᠷ ᠢ ᠪᠠᠬᠢᠵᠢᠬᠦᠯᠬᠦ᠂ ᠬᠢᠯᠢ ᠭᠢᠵᠠᠭᠠᠷ ᠤᠷᠤᠨ ᠢ ᠪᠦᠭᠦ ᠤᠯᠤᠰ ᠲᠠᠢ ᠢᠵᠢᠯ ᠠᠯᠬᠤᠮ ᠢᠶᠠᠷ ᠴᠢᠨᠡᠭᠡᠯᠢᠭ ᠨᠡᠶᠢᠭᠡᠮ ᠢ ᠪᠦᠭᠦ ᠲᠠᠯ᠎ᠡ ᠪᠠᠷ ᠪᠡᠶᠡᠯᠡᠬᠦᠯᠬᠦ ᠶᠢ ᠪᠠᠲᠤᠯᠠᠬᠤ ᠭᠡᠰᠡᠨ ᠪᠠᠶᠢᠨ᠎ᠠ᠃ ᠭᠤᠷᠪᠡ ᠳᠤ᠂ ᠳᠤᠬᠳᠠᠭᠠᠬᠰᠠᠠ ᠡᠬᠦᠷᠬᠡ — ᠰᠠᠭᠤᠷᠢ ᠶᠢ ᠴᠢᠩᠭᠠᠳᠬᠠᠠ ᠬᠢᠯᠢ ᠬᠢᠵᠠᠭᠠᠷ ᠤᠷᠤᠨ ᠢ ᠪᠠᠬᠢᠵᠢᠬᠦᠯᠬᠦ᠂ ᠠᠷᠠᠳ ᠤᠨ ᠠᠮᠢᠳᠦᠷᠠᠯ ᠢᠶᠠᠷ ᠬᠢᠯᠢ ᠬᠢᠵᠠᠭᠠᠷ ᠢ ᠲᠤᠭᠲᠠᠭᠤᠨ ᠪᠤᠯᠭᠠᠬᠤ᠂ ᠠᠵᠦ ᠦᠢᠯᠠᠰ ᠢᠶᠠᠷ ᠬᠢᠯᠢ ᠬᠢᠵᠠᠭᠠᠷ ᠤᠷᠤᠨ ᠢ ᠬᠦᠭᠵᠢᠬᠦᠯᠬᠦ᠂ ᠨᠡᠬᠡᠬᠡᠯᠳᠡ ᠬᠢᠵᠦ ᠬᠢᠯᠢ ᠬᠢᠵᠠᠭᠠᠷ ᠤᠷᠤᠨ ᠢ ᠡᠶ᠎ᠡ ᠨᠦᠬᠦᠷᠰᠡᠭ ᠢᠶᠠᠷ ᠶᠠᠪᠤᠯᠴᠠᠭᠤᠯᠬᠤ᠂ ᠠᠮᠢ ᠠᠬᠤᠢ ᠪᠠᠷ ᠬᠢᠯᠢ ᠬᠢᠵᠠᠭᠠᠷ ᠤᠷᠤᠨ ᠢ ᠬᠠᠮᠠᠭᠠᠯᠠᠬᠤ᠂ ᠪᠦᠯᠬᠦᠮᠳᠠᠯ ᠨᠢᠭᠲᠠᠷᠠᠯ ᠢᠶᠠᠷ ᠬᠢᠯᠢ ᠬᠢᠵᠠᠭᠠᠷ ᠤᠷᠤᠨ ᠢ ᠳᠤᠬᠳᠠᠪᠤᠷᠢᠵᠢᠭᠤᠯᠬᠤ ᠲᠡᠭᠡᠷ᠎ᠡ ᠢᠯᠡᠷᠡᠬᠦᠯᠦᠭᠰᠡᠨ ᠪᠠᠶᠢᠨ᠎ᠠ᠃ ︽ᠳᠦᠯᠥᠪᠵᠢᠬᠦᠯᠬᠡ︾᠎ ᠨᠢ ᠬᠢᠯᠢ ᠬᠢᠵᠠᠭᠠᠷ ᠤᠷᠦᠠ ᠳᠤ ᠳᠤᠯᠭᠠᠷᠠᠵᠦ ᠪᠠᠶᠢᠭ᠎ᠠ ᠭᠤᠤᠯ ᠬᠦᠴᠢᠷᠳᠠᠯ ᠪᠠ ᠠᠰᠠᠭᠤᠳᠠᠯ ᠳᠤ ᠴᠢᠭᠯᠡᠬᠦᠯᠤᠡ ᠦᠨᠳᠦᠰᠦ ᠶᠢ ᠪᠠᠳᠦᠯᠠᠬᠤ᠂ ᠳᠤᠳᠠᠭᠤᠳᠠᠯ ᠢ ᠨᠦᠬᠦᠪᠤᠷᠢᠯᠠᠬᠦ ᠪᠠᠷ ᠭᠤᠤᠯᠳᠠᠯᠭ᠎ᠠ ᠪᠤᠯᠭᠠᠠ᠂ ︽ᠬᠢᠯᠢ︾ ᠭᠡᠬᠦ ᠳᠤᠭᠤᠷᠢᠠ ᠳᠤ ᠵᠢᠷᠦᠵᠦ ᠳᠦᠯᠦᠪᠯᠠᠠ ᠳᠤᠬᠢᠷᠠᠭᠤᠯᠤᠯᠳᠠ ᠬᠢᠵᠦ᠂ ᠨᠡᠶᠢᠲᠡ ᠵᠢᠷᠭᠤᠭᠠᠠ ᠶᠡᠭᠡ ᠡᠬᠦᠷᠬᠡ ᠳᠤᠷᠠᠳᠴᠦ᠂ ᠬᠢᠯᠢ ᠬᠢᠵᠠᠭᠠᠷ ᠤᠷᠦᠠ ᠤ ᠠᠵᠦ ᠠᠬᠤᠢ ᠨᠡᠶᠢᠭᠡᠮ ᠤᠨ ᠬᠦᠭᠵᠢᠯᠳᠠ ᠶᠢᠨ ᠤᠯᠠᠠ ᠳᠠᠯ᠎ᠠ ᠳᠤ ᠬᠤᠯᠪᠤᠬᠳᠠᠵᠠᠢ᠃ ᠡᠬᠦᠡ ᠤ ᠬᠠᠮᠳᠦ ᠵᠢᠷᠭᠤᠭᠠᠠ ᠶᠡᠭᠡ ᠢᠨᠵᠧᠨᠧᠷᠢᠩ᠂ 34 ᠵᠦᠢᠯ ᠤᠨ ᠪᠠᠭ᠎ᠠ ᠢᠨᠵᠧᠨᠧᠷᠢᠩ ᠢ ᠢᠵᠢ ᠪᠦᠷᠢᠯᠳᠦᠬᠦᠯᠪᠡ᠃ ᠳᠦᠷᠪᠡ ᠳᠤ᠂ ᠤᠠᠴᠠᠭᠠᠢ ᠳᠦᠷᠦ ᠶᠢᠨ ᠪᠤᠳᠤᠯᠭ᠎ᠠ — ᠵᠦᠷᠢᠶᠡᠴᠢᠯᠡᠭᠰᠠᠠ ᠤᠷᠦᠠ ᠪᠦᠰᠠ ᠶᠢᠨ ᠳᠦᠷᠦ ᠶᠢᠨ ᠪᠤᠳᠤᠯᠭ᠎ᠠ ᠲᠡᠭᠡᠷ᠎ᠡ ᠢᠯᠠᠷᠠᠬᠦᠯᠵᠡᠢ᠃ ︽ᠳᠦᠯᠥᠪᠵᠢᠬᠦᠯᠬᠡ︾᠎ ᠨᠢ ᠬᠢᠯᠢ ᠬᠢᠵᠠᠭᠠᠷ ᠤᠷᠦᠠ ᠤ ᠤᠠᠴᠠᠭᠠᠢ ᠪᠠᠶᠢᠳᠠᠯ ᠪᠠ ᠭᠤᠤᠯᠳᠠᠯᠭ᠎ᠠ ᠲᠠᠢ ᠬᠦᠴᠢᠷ ᠠᠰᠠᠭᠤᠳᠠᠯ ᠳᠤ ᠴᠢᠭᠯᠡᠬᠦᠯᠤᠡ᠂ ᠬᠢᠯᠢ ᠬᠢᠵᠠᠭᠠᠷ ᠤᠷᠤᠨ ᠤ ᠠᠷᠠᠳ ᠤᠨ ᠠᠮᠢᠳᠦᠷᠠᠯ ᠦᠢᠯᠠᠳᠪᠤᠷᠢᠯᠠᠯ ᠤᠨ ᠨᠦᠬᠦᠴᠡᠯ ᠢ ᠰᠠᠶᠢᠵᠢᠷᠠᠭᠤᠯᠬᠤ᠂ ᠡᠯ᠎ᠠ ᠳᠦᠷᠤᠯ ᠤᠨ ᠴᠢᠳᠠᠪᠤᠷᠢᠳᠠᠠ ᠢ ᠤᠷᠦᠭᠤᠯᠤᠠ ᠠᠪᠴᠢᠷᠠᠬᠤ ᠪᠠ ᠦᠯᠡᠳᠡᠬᠡᠡ ᠠᠪᠬᠤ ᠵᠢᠴᠢ ᠡᠳ᠋ ᠤᠨ ᠵᠠᠰᠠᠬ᠂ ᠮᠦᠩᠬᠦᠡ ᠬᠦᠢᠯᠬᠡᠬᠡ᠂ ᠭᠠᠵᠠᠷ ᠰᠢᠷᠦᠢ᠂ ᠬᠢᠯᠢ ᠶᠢᠨ ᠠᠷᠠᠯᠵᠢᠶ᠎ᠠ᠂ ᠨᠡᠶᠢᠭᠡᠮ ᠤᠨ ᠪᠠᠳᠦᠯᠠᠪᠤᠷᠢ᠂ ᠠᠮᠢ ᠠᠬᠤᠢ ᠶᠢᠨ ᠨᠦᠬᠦᠪᠤᠷᠢ ᠵᠡᠷᠬᠡ ᠳᠠᠯ᠎ᠠ ᠠᠴᠠ ᠬᠢᠯᠢ ᠬᠢᠵᠠᠭᠠᠷ ᠤᠷᠦᠠ ᠤ ᠬᠦᠭᠵᠢᠯᠳᠠ ᠶᠢ ᠳᠠᠮᠵᠢᠬᠦ ᠠᠯᠢ ᠤᠯᠠᠨ ᠤᠠᠴᠠᠭᠠᠢ ᠳᠦᠷᠦ ᠶᠢᠨ ᠪᠤᠳᠤᠯᠭ᠎ᠠ ᠠᠷᠭ᠎ᠠ ᠬᠡᠮᠵᠢᠶ᠎ᠠ ᠨᠦᠭᠦᠳ ᠢ ᠳᠤᠷᠠᠳᠴᠦ᠂ ᠰᠢᠰᠲ᠋ᠧᠮᠳᠦ ᠴᠢᠨᠠᠷ᠂ ᠬᠠᠨᠳᠦᠯᠭᠠᠳᠦ ᠴᠢᠨᠠᠷ ᠪᠠ ᠳᠤᠰᠬᠠᠢ ᠳᠦᠷᠦᠯ ᠵᠦᠢᠯ ᠤᠨ ᠤᠠᠴᠠᠯᠢᠬ ᠢ ᠢᠯᠡᠷᠡᠬᠦᠯᠦᠭᠰᠡᠡ ᠪᠠᠶᠢᠨ᠎ᠠ ᠭᠡᠪᠡ᠃      ᠪᠠᠭᠠᠳᠦᠷ ᠴᠢᠬᠤᠯᠠᠴᠢᠯᠠᠬᠤ ᠳᠠᠭᠠᠨ᠂ ᠤᠳᠦᠬᠠᠨ᠎ᠠ ︽ᠳᠦᠯᠥᠪᠵᠢᠬᠦᠯᠬᠡ︾᠎ ᠶᠢ ᠨᠢᠬᠡᠨᠳᠡ ᠨᠡᠶᠢᠲᠡᠯᠡᠭᠰᠡᠨ ᠪᠤᠯᠬᠤᠷ ᠳᠠᠷᠠᠭᠠᠬᠢ ᠠᠵᠢᠯ ᠪᠤᠯ ᠨᠠᠶᠢᠳᠠᠪᠤᠷᠢᠵᠢᠭᠤᠯᠬᠤ ᠨᠢ ᠭᠤᠤᠯᠳᠠᠯᠭ᠎ᠠ ᠪᠤᠯᠤᠨ᠎ᠠ᠃ ᠬᠢᠯᠢ ᠬᠢᠵᠠᠭᠠᠷ ᠤᠷᠦᠠ ᠪᠡ ᠬᠠᠮᠢᠶ᠎ᠠ ᠪᠦᠬᠦᠢ ᠰᠠᠯᠠᠭ᠎ᠠ ᠮᠦᠴᠢᠷ ᠳᠦᠷᠦ ᠶᠢᠨ ᠶᠠᠪᠤᠳᠠᠯ ᠤᠨ ᠬᠤᠷᠢᠶ᠎ᠠ ᠶᠢᠨ ᠳᠤᠬᠢᠷᠠᠭᠤᠯᠤᠯᠳᠠ ᠪᠠᠶᠢᠷᠢᠯᠠᠭᠤᠯᠤᠯᠲᠠ ᠶᠤᠰᠤᠭᠠᠷ ᠤᠳᠦᠷᠢᠳᠤᠯᠭ᠎ᠠ ᠪᠠᠨ ᠴᠢᠩᠭᠠᠳᠬᠠᠵᠦ᠂ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠬᠢᠨᠠᠯᠳᠠ ᠳᠠᠯᠪᠢᠠ ᠪᠠᠶᠢᠴᠠᠭᠠᠯᠲᠠ ᠬᠢᠵᠦ᠂ ᠳᠠᠳᠬᠦᠬᠦ ᠡᠯ᠎ᠠ ᠵᠦᠢᠯ ᠤᠨ ᠳᠦᠷᠦ ᠶᠢᠨ ᠪᠤᠳᠤᠯᠭ᠎ᠠ ᠠᠷᠭ᠎ᠠ ᠬᠡᠮᠵᠢᠶ᠎ᠠ ᠶᠢ ᠪᠤᠳᠠᠳᠠᠢ ᠨᠠᠶᠢᠳᠠᠪᠤᠷᠢᠵᠢᠭᠤᠯᠬᠤ ᠪᠠᠨ ᠴᠢᠩᠭᠠᠳᠬᠠᠵᠦ᠂ ᠬᠢᠯᠢ ᠬᠢᠵᠠᠭᠠᠷ ᠤᠷᠦᠠ ᠤ ᠨᠠᠩ ᠴᠢᠨᠠᠷᠯᠢᠭ ᠨᠠᠩ ᠳᠦᠷᠬᠡᠡ ᠬᠦᠭᠵᠢᠬᠦ ᠶᠢ ᠠᠬᠢᠭᠤᠯᠬᠤ ᠳᠤ ᠰᠢᠨ᠎ᠠ ᠬᠤᠪᠢ ᠨᠠᠮᠠᠷᠢ ᠦᠵᠡᠬᠦᠯᠬᠦ ᠬᠡᠷᠡᠭᠳᠡᠢ ᠬᠡᠵᠡᠢ᠃
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ