ᠥᠪᠥᠷ ᠮᠣᠩᠭᠤᠯ ᠤᠨ ᠠᠯᠪᠠᠲᠠᠨ ᠤ ᠰᠢᠯᠭᠠᠯᠲᠠ ᠶᠢᠨ ᠨᠢᠭᠤᠷᠳᠡᠯ ᠰᠢᠯᠭᠠᠯᠲᠠ 29᠎ ᠤ ᠡᠳᠦᠷ ᠡᠬᠢᠯᠡᠨ᠎ᠡ
ᠨᠡᠶᠢᠲᠡᠯᠡᠭᠰᠡᠨ ᠴᠠᠭ᠄
2017/6/13
      ᠥᠪᠥᠷ ᠮᠣᠩᠭᠤᠯ ᠤᠨ ᠠᠯᠪᠠᠲᠠᠨ ᠤ ᠰᠢᠯᠭᠠᠯᠲᠠ ᠶᠢᠨ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠎ ᠬᠢᠨ ᠤ ᠨᠢᠭᠤᠷᠳᠡᠯ ᠰᠢᠯᠭᠠᠯᠲᠠ ᠶᠢ ᠬᠤᠶᠠᠷ ᠪᠦᠯᠦᠭ ᠬᠤᠪᠢᠶᠠᠨ ᠥᠷᠨᠢᠭᠦᠯᠵᠦ᠂ ᠰᠢᠯᠭᠠᠬᠤ ᠭᠠᠵᠠᠷ ᠢ ᠬᠥᠬᠡᠬᠤᠲᠠ ᠳᠤ ᠨᠢᠭᠡᠳᠦᠯᠲᠡᠶ ᠲᠣᠬᠢᠷᠠᠭᠤᠯᠪᠠ᠄ ᠨᠢᠭᠡᠳᠦᠭᠡᠷ ᠪᠦᠯᠦᠭ ᠤᠨ ᠨᠢᠭᠤᠷᠳᠡᠯ ᠰᠢᠯᠭᠠᠯᠲᠠ ᠳᠤ ᠪᠡᠶ᠎ᠡ ᠮᠠᠬᠠᠪᠤᠳ ᠤᠨ ᠴᠢᠳᠠᠪᠤᠷᠢ ᠶᠢᠨ ᠰᠢᠯᠭᠠᠯᠲᠠ ᠳᠤ ᠤᠷᠤᠯᠴᠠᠬᠤ ᠰᠢᠯᠭᠠᠭᠤᠯᠤᠭᠰᠠᠳ ᠵᠢᠴᠢ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠢᠭᠤᠳ ᠬᠠᠷᠢᠶ᠎ᠠ ᠰᠠᠯᠠᠭ᠎ᠠ ᠮᠥᠴᠢᠷ᠂ ᠣᠷᠣᠨ ᠨᠤᠲᠤᠭ ᠤᠨ ᠭᠠᠶᠢᠯᠢ ᠶᠢᠨ ᠰᠢᠰᠲ᠋ᠧᠮ᠂ ᠬᠥᠬᠡᠬᠤᠲᠠ᠂ ᠪᠤᠭᠤᠲᠤ ᠬᠤᠳᠠ᠂ ᠤᠯᠠᠭᠠᠨᠴᠠᠪ ᠬᠤᠳᠠ᠂ ᠣᠷᠳᠣᠰ ᠬᠤᠲᠠ ᠪᠣᠯᠤᠨ ᠪᠠᠶᠠᠨᠨᠠᠭᠤᠷ ᠬᠤᠲᠠ ᠶᠢᠨ ᠵᠠᠰᠠᠭ ᠤᠨ ᠣᠷᠳᠣᠨ ᠤ ᠰᠢᠰᠲ᠋ᠧᠮ ᠤᠨ ᠰᠢᠯᠭᠠᠭᠤᠯᠤᠭᠰᠠᠳ ᠤᠷᠤᠯᠴᠠᠨ᠎ᠠ︔ ᠬᠤᠶᠠᠳᠤᠭᠠᠷ ᠪᠦᠯᠦᠭ ᠤᠨ ᠨᠢᠭᠤᠷᠳᠡᠯ ᠰᠢᠯᠭᠠᠯᠲᠠ ᠳᠤ ᠪᠤᠰᠤᠳ ᠠᠶᠢᠮᠠᠭ ᠬᠤᠳᠠ ᠠᠴᠠ ᠳᠣᠷᠣᠭᠰᠢᠬᠢ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠰᠢᠯᠭᠠᠭᠤᠯᠤᠭᠰᠠᠳ ᠤᠷᠤᠯᠴᠠᠨ᠎ᠠ᠃      ᠲᠠᠨᠢᠯᠴᠠᠭᠤᠯᠤᠭᠰᠠᠨ ᠢᠶᠠᠷ᠂ ᠨᠢᠭᠡᠳᠦᠭᠡᠷ ᠪᠦᠯᠦᠭ ᠤᠨ ᠨᠢᠭᠤᠷᠳᠡᠯ ᠰᠢᠯᠭᠠᠯᠲᠠ 6 ᠳ᠋ᠤᠭᠠᠷ ᠰᠠᠷ᠎ᠠ ᠶᠢᠨ 29᠎ ᠤ ᠡᠳᠦᠷ ~ 7 ᠳ᠋ᠤᠭᠠᠷ ᠰᠠᠷ᠎ᠠ ᠶᠢᠨ 6᠎ ᠤ ᠡᠳᠦᠷ ᠪᠤᠯᠲᠠᠯ᠎ᠠ ᠶᠠᠪᠤᠭᠳᠠᠨ᠎ᠠ᠃ ᠳᠤᠲᠤᠭᠠᠲᠤ ᠶᠢ ᠬᠠᠮᠠᠭᠠᠯᠠᠬᠤ ᠰᠢᠰᠲ᠋ᠧᠮ᠂ ᠭᠢᠨᠳᠠᠨ ᠤ ᠰᠢᠰᠲ᠋ᠧᠮ᠂ ᠤᠢ ᠰᠢᠭᠤᠶ ᠶᠢᠨ ᠳᠣᠲᠣᠭᠠᠳᠤ ᠶᠢ ᠬᠠᠮᠠᠭᠠᠯᠠᠬᠤ᠂ ᠶᠡᠭᠡ ᠬᠢᠩᠭᠠᠨ ᠳᠠᠪᠠᠭᠠᠨ ᠤ ᠤᠢ ᠰᠢᠭᠤᠶ ᠶᠢᠨ ᠳᠣᠲᠣᠭᠠᠳᠤ ᠶᠢ ᠬᠠᠮᠠᠭᠠᠯᠠᠬᠤ᠂ ᠤᠷᠳᠤᠰ ᠬᠤᠳᠠ᠂ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠵᠠᠰᠠᠭ ᠤᠨ ᠣᠷᠳᠣᠨ ᠤ ᠪᠠᠶᠢᠭᠤᠯᠭ᠎ᠠ ᠳᠤ ᠨᠡᠷ᠎ᠡ ᠮᠡᠳᠡᠭᠦᠯᠦᠭᠰᠡᠨ ᠰᠢᠯᠭᠠᠭᠤᠯᠤᠭᠰᠠᠳ ᠥᠪᠥᠷ ᠮᠣᠩᠭᠤᠯ ᠤᠨ ᠤᠯᠠᠭᠠᠨ ᠵᠤᠴᠢᠳ ᠤᠨ ᠲᠤᠮᠤ ᠪᠠᠭᠤᠳᠠᠯ ᠳᠤ ᠨᠢᠭᠤᠷᠳᠡᠯ ᠰᠢᠯᠭᠠᠯᠲᠠ ᠳᠤ ᠤᠷᠤᠯᠴᠠᠨ᠎ᠠ᠂ ᠬᠤᠣᠷ ᠡᠳ᠋ᠯᠡᠬᠦ ᠶᠢ ᠨᠢ ᠵᠣᠭᠰᠣᠭᠠᠬᠤ ᠰᠢᠰᠲ᠋ᠧᠮ᠂ ᠣᠷᠣᠨ ᠨᠤᠲᠤᠭ ᠤᠨ ᠭᠠᠶᠢᠯᠢ ᠶᠢᠨ ᠰᠢᠰᠲ᠋ᠧᠮ᠂ ᠪᠠᠶᠠᠨᠨᠠᠭᠤᠷ ᠬᠤᠳᠠ᠂ ᠬᠥᠬᠡᠬᠤᠲᠠ᠂ ᠪᠤᠭᠤᠲᠤ ᠬᠤᠳᠠ᠂ ᠤᠯᠠᠭᠠᠨᠴᠠᠪ ᠬᠤᠲᠠ ᠶᠢᠨ ᠵᠠᠰᠠᠭ ᠤᠨ ᠣᠷᠳᠣᠨ ᠤ ᠰᠢᠭᠤᠳ ᠬᠠᠷᠢᠶ᠎ᠠ ᠪᠠᠶᠢᠭᠤᠯᠭ᠎ᠠ ᠳᠤ ᠨᠡᠷ᠎ᠡ ᠮᠡᠳᠡᠭᠦᠯᠦᠭᠰᠡᠨ ᠰᠢᠯᠭᠠᠭᠤᠯᠤᠭᠰᠠᠳ ᠵᠢᠶᠦ᠋ᠨ ᠭᠠᠨᠭ᠌ ᠪᠠᠭᠤᠳᠠᠯ ᠳᠤ ᠨᠢᠭᠤᠷᠳᠡᠯ ᠰᠢᠯᠭᠠᠯᠲᠠ ᠳᠤ ᠤᠷᠤᠯᠴᠠᠨ᠎ᠠ᠃      ᠬᠤᠶᠠᠳᠤᠭᠠᠷ ᠪᠦᠯᠦᠭ ᠤᠨ ᠨᠢᠭᠤᠷᠳᠡᠯ ᠰᠢᠯᠭᠠᠯᠲᠠ 7 ᠳ᠋ᠤᠭᠠᠷ ᠰᠠᠷ᠎ᠠ ᠶᠢᠨ 13᠎ ᠤ ᠡᠳᠦᠷ ~20᠎ ᠤ ᠡᠳᠦᠷ ᠪᠤᠯᠲᠠᠯ᠎ᠠ ᠶᠠᠪᠤᠭᠳᠠᠨ᠎ᠠ᠃ ᠬᠥᠯᠥᠨ ᠪᠤᠶᠢᠷ ᠬᠤᠲᠠ᠂ ᠬᠢᠩᠭᠠᠨ ᠠᠶᠢᠮᠠᠭ᠂ ᠲᠦᠩᠯᠢᠶᠣᠤ ᠬᠤᠲᠠ ᠶᠢᠨ ᠵᠠᠰᠠᠭ ᠤᠨ ᠣᠷᠳᠣᠨ ᠤ ᠰᠢᠭᠤᠳ ᠬᠠᠷᠢᠶ᠎ᠠ ᠪᠠᠶᠢᠭᠤᠯᠭ᠎ᠠ ᠳᠤ ᠨᠡᠷ᠎ᠡ ᠮᠡᠳᠡᠭᠦᠯᠦᠭᠰᠡᠨ ᠰᠢᠯᠭᠠᠭᠤᠯᠤᠭᠰᠠᠳ ᠥᠪᠥᠷ ᠮᠣᠩᠭᠤᠯ ᠤᠨ ᠤᠯᠠᠭᠠᠨ ᠵᠤᠴᠢᠳ ᠤᠨ ᠲᠤᠮᠤ ᠪᠠᠭᠤᠳᠠᠯ ᠳᠤ ᠨᠢᠭᠤᠷᠳᠡᠯ ᠰᠢᠯᠭᠠᠯᠲᠠ ᠳᠤ ᠤᠷᠤᠯᠴᠠᠨ᠎ᠠ᠂ ᠰᠢᠯᠢ ᠶᠢᠨ ᠭᠤᠣᠯ ᠠᠶᠢᠮᠠᠭ᠂ ᠦᠬᠠᠶ ᠬᠤᠳᠠ᠂ ᠠᠯᠠᠱᠠ ᠠᠶᠢᠮᠠᠭ᠂ ᠤᠯᠠᠭᠠᠨᠬᠠᠳᠠ ᠬᠤᠲᠠ ᠶᠢᠨ ᠵᠠᠰᠠᠭ ᠤᠨ ᠣᠷᠳᠣᠨ ᠤ ᠰᠢᠭᠤᠳ ᠬᠠᠷᠢᠶ᠎ᠠ ᠪᠠᠶᠢᠭᠤᠯᠭ᠎ᠠ ᠳᠤ ᠨᠡᠷ᠎ᠡ ᠮᠡᠳᠡᠬᠦᠯᠦᠭᠰᠡᠨ ᠰᠢᠯᠭᠠᠭᠤᠯᠤᠭᠰᠠᠳ ᠵᠢᠶᠦ᠋ᠨ ᠭᠠᠨᠭ᠌ ᠪᠠᠭᠤᠳᠠᠯ ᠳᠤ ᠨᠢᠭᠤᠷᠳᠡᠯ ᠰᠢᠯᠭᠠᠯᠲᠠ ᠳᠤ ᠤᠷᠤᠯᠴᠠᠨ᠎ᠠ᠃      ᠥᠪᠡᠷᠲᠡᠭᠡᠨ ᠵᠠᠰᠠᠬᠤ ᠣᠷᠣᠨ ᠤ ᠠᠯᠪᠠᠲᠠᠨ ᠤ ᠲᠣᠪᠴᠢᠶ᠎ᠠ ᠶᠢᠨ ᠳᠡᠳ᠋ ᠳᠠᠷᠤᠭ᠎ᠠ ᠰᠢᠶᠧ ᠰᠢᠤᠸᠠᠢ ᡁᠢ ᠬᠡᠯᠡᠬᠦ ᠳᠡᠭᠡᠨ᠂ ᠰᠢᠯᠭᠠᠵᠤ ᠡᠯᠰᠡᠬᠦ ᠠᠵᠢᠯ ᠤᠨ ᠲᠥᠪ ᠭᠤᠣᠯᠴᠢ ᠲᠥᠪ ᠴᠢᠬᠡᠴᠢ ᠪᠠᠶᠢᠬᠤ ᠶᠢ ᠦᠨᠡᠨ ᠬᠦ ᠪᠠᠲᠤᠯᠠᠬᠤ ᠶᠢᠨ ᠲᠤᠯᠠᠳᠠ᠂ ᠨᠢᠭᠤᠷᠳᠡᠯ ᠰᠢᠯᠭᠠᠯᠲᠠ ᠶᠢᠨ ᠪᠦᠬᠦ ᠶᠠᠪᠤᠴᠠ ᠳᠤ ᠰᠢᠯᠭᠠᠭᠴᠢ ᠪᠠᠭᠰᠢ ᠶᠢᠨ ᠨᠡᠷᠡᠰ ᠢ ᠺᠣᠮᠫᠢᠦ᠋ᠲ᠋ᠧᠷ ᠤᠨ ᠲᠠᠰᠢᠷᠠᠮ ᠢᠶᠠᠷ ᠰᠤᠩᠭᠤᠬᠤ ᠶᠢᠨ ᠬᠠᠮᠲᠤ ᠪᠠᠰᠠ ᠭᠠᠳᠠᠷ ᠮᠤᠵᠢ ᠶᠢᠨ ᠰᠢᠯᠭᠠᠭᠴᠢ ᠪᠠᠭᠰᠢ ᠶᠢ ᠤᠷᠢᠵᠤ ᠨᠢᠭᠤᠷᠳᠡᠯ ᠰᠢᠯᠭᠠᠯᠲᠠ ᠳᠤ ᠤᠷᠤᠯᠴᠠᠭᠤᠯᠤᠨ᠎ᠠ᠂ ᠡᠨᠡ ᠬᠦ ᠶᠠᠪᠤᠴᠠ ᠳᠤ᠂ ᠰᠢᠯᠭᠠᠭᠴᠢ ᠪᠠᠭᠰᠢ ᠪᠤᠯᠤᠨ ᠠᠵᠢᠯᠲᠠᠳ ᠢ ᠪᠦᠬᠦ ᠶᠠᠪᠤᠴᠠ ᠳᠤ ᠪᠢᠲᠡᠭᠦᠮᠵᠢᠯᠡᠨ ᠬᠠᠮᠢᠶᠠᠷᠴᠤ᠂ ᠰᠢᠯᠭᠠᠭᠤᠯᠤᠭᠰᠠᠳ ᠪᠣᠯᠤᠨ ᠰᠢᠯᠭᠠᠭᠴᠢ ᠪᠠᠭᠰᠢ ᠨᠠᠷ ᠲᠤ ︽ᠬᠤᠣᠰ ᠰᠢᠪᠠᠭ᠎ᠠ ᠰᠤᠭᠤᠯᠬᠤ︾ ᠲᠦᠷᠢᠮ ᠢ ᠬᠡᠷᠡᠭᠵᠢᠬᠦᠯᠵᠤ᠂ ᠪᠦᠬᠦ ᠶᠠᠪᠤᠴᠠ ᠳᠤ ᠬᠤᠶᠠᠷ ᠮᠠᠰᠢᠨ ᠢᠶᠠᠷ ᠪᠦᠬᠦ᠋ᠢᠯᠡ ᠰᠢᠯᠭᠠᠯᠲᠠ ᠶᠢᠨ ᠲᠠᠯᠠᠪᠠᠢ ᠶᠢ ᠦᠨᠴᠦᠭ ᠪᠤᠯᠤᠩ ᠦᠯᠡᠳᠡᠭᠡᠯ ᠦᠭᠡᠢ ᠬᠢᠨᠠᠯᠲᠠ ᠲᠠᠯᠪᠢᠨ ᠰᠡᠬᠦᠳᠡᠷᠯᠡᠨ ᠰᠢᠩᠭᠡᠭᠡᠵᠤ᠂ ᠨᠠᠶᠢᠷ ᠲᠠᠯ᠎ᠠ ᠶᠢᠨ ᠬᠤᠪᠢ᠂ ᠰᠡᠳᠬᠢᠯᠭᠡ ᠶᠢᠨ ᠬᠤᠪᠢ ᠦᠭᠭᠦ ᠦᠵᠡᠭᠳᠡᠯ ᠭᠠᠷᠬᠤ ᠶᠢ ᠬᠠᠮᠤᠭ ᠶᠡᠭᠡ ᠬᠡᠮᠵᠢᠶ᠎ᠡ ᠪᠠᠷ ᠰᠡᠷᠭᠡᠶᠢᠯᠡᠨ᠎ᠡ ᠬᠡᠵᠠᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号