ᠰᠢᠯᠭᠠᠭᠤᠯᠤᠭᠴᠢ ᠭᠤᠷᠪᠠᠨ ᠵᠦᠢᠯ ᠤᠨ ᠬᠡᠯᠪᠡᠷᠢ ᠪᠠᠷ ᠡᠷᠡᠮᠡᠯᠵᠡᠯ ᠲᠠᠭᠯᠠᠬᠤ ᠴᠠᠭ ᠢᠶᠠᠨ ᠮᠡᠳᠡᠵᠦ ᠪᠤᠯᠤᠨ᠎ᠠ
ᠨᠡᠶᠢᠲᠡᠯᠡᠭᠰᠡᠨ ᠴᠠᠭ᠄
2017/6/13
     ᠦᠪᠡᠷᠳᠡᠭᠡᠨ ᠵᠠᠰᠠᠬᠤ ᠤᠷᠤᠨ ᠤ ᠰᠤᠷᠤᠭᠴᠢ ᠡᠯᠰᠡᠬᠦ ᠰᠢᠯᠭᠠᠯᠳᠠ ᠶᠢᠨ ᠲᠦᠪ ᠠᠴᠠ ᠤᠶᠢᠯᠠᠭᠠᠭᠰᠠᠨ  ᠎ ᠢᠶᠠᠷ᠂ ᠲᠤᠰ ᠰᠢᠯᠭᠠᠯᠳᠠ ᠶᠢᠨ ᠲᠦᠪ ᠠᠴᠠ ᠳᠤᠤᠷᠠᠬᠢ ᠭᠤᠷᠪᠠᠨ ᠵᠦᠢᠯ ᠤᠨ ᠬᠡᠯᠪᠡᠷᠢ ᠪᠠᠷ ᠰᠢᠯᠭᠠᠭᠤᠯᠤᠭᠴᠢ ᠳᠤ ᠡᠷᠡᠮᠡᠯᠵᠡᠯ ᠲᠠᠭᠯᠠᠬᠤ ᠮᠡᠳᠡᠭᠳᠡᠯ ᠪᠠᠭᠤᠯᠭᠠᠬᠤ ᠪᠤᠯᠤᠨ᠎ᠠ᠃      ᠨᠢᠭᠡ ᠳᠤ᠂ ᠦᠪᠡᠷᠳᠡᠭᠡᠨ ᠵᠠᠰᠠᠬᠤ ᠤᠷᠤᠨ ᠤ ᠰᠤᠷᠤᠭᠴᠢ ᠡᠯᠰᠡᠬᠦ ᠰᠢᠯᠭᠠᠯᠳᠠ ᠶᠢᠨ ᠮᠡᠳᠡᠭᠡ ᠵᠠᠩᠬᠢ ᠶᠢᠨ ᠰᠦᠯᠵᠢᠶ᠎ᠡ ᠶᠢᠨ ︽2017 ᠤᠨ ᠤ ᠨᠢᠭᠡᠳᠦᠯᠳᠠᠢ ᠰᠢᠯᠭᠠᠯᠳᠠ ᠶᠢᠨ ᠡᠷᠡᠮᠡᠯᠵᠡᠯ ᠲᠠᠭᠯᠠᠬᠤ ᠲᠤᠰᠬᠠᠢ ᠪᠤᠯᠤᠩ︾ http://www.nm.zsks.cn/17gkwb︶᠎ ᠠᠴᠠ ᠯᠠᠪᠯᠠᠵᠦ ᠪᠤᠯᠤᠨ᠎ᠠ︔ ᠬᠤᠶᠠᠷ ᠲᠤ᠂ 10628833 ᠴᠠᠬᠢᠮ ᠮᠡᠳᠡᠭᠡ ᠶᠢᠨ ᠳᠡᠪᠴᠡᠩ ᠢᠶᠠᠷ ᠳᠠᠮᠵᠢᠨ ᠴᠠᠬᠢᠮ ᠮᠡᠳᠡᠭᠡ ᠶᠢ ᠬᠠᠮᠢᠶ᠎ᠠ ᠪᠦᠬᠦᠢ ᠬᠦᠮᠦᠨ ᠳᠤ ᠳᠠᠮᠵᠢᠭᠤᠯᠤᠨ᠎ᠠ᠂ ᠮᠡᠳᠡᠭᠡ ᠵᠠᠩᠬᠢ ᠨᠡᠶᠢᠳᠡᠯᠡᠬᠦ ᠡᠳᠡᠭᠡᠳ ᠲᠤ᠂ ᠰᠤᠨᠢᠨ ᠮᠡᠳᠡᠭᠡᠨ ᠤ ᠵᠠᠭᠤᠴᠢᠯᠠᠭᠤᠷ᠂ ᠠᠶᠢᠮᠠᠭ ᠬᠤᠳᠠ ᠪᠤᠯᠤᠨ ᠬᠤᠰᠢᠭᠤ ᠰᠢᠶᠠᠨ ᠤ ᠰᠤᠷᠤᠭᠴᠢ ᠡᠯᠰᠡᠬᠦ ᠰᠢᠯᠭᠠᠯᠳᠠ ᠶᠢᠨ ᠪᠠᠶᠢᠭᠤᠯᠤᠮᠵᠢ ᠶᠢᠨ ᠠᠵᠢᠯᠳᠠᠨ᠂ ᠦᠨᠳᠦᠷ ᠳᠤᠮᠳᠠᠳᠦ ᠶᠢᠨ ᠰᠤᠷᠭᠠᠭᠤᠯᠢ ᠶᠢᠨ ᠤᠳᠤᠷᠢᠳᠤᠯᠭ᠎ᠠ ᠪᠤᠯᠤᠨ ᠰᠦᠯᠵᠢᠶᠡᠨ ᠳᠡᠭᠡᠷ᠎ᠡ ᠡᠷᠡᠮᠡᠯᠵᠡᠯ ᠲᠠᠭᠯᠠᠬᠤ ᠬᠠᠷᠢᠯᠴᠠᠬᠤ ᠲᠤᠭᠤᠶᠢᠯᠠᠩ ᠤᠨ ᠪᠠᠭᠰᠢ ᠵᠢᠴᠢ ᠨᠢᠭᠡᠳᠦᠯᠳᠠᠢ ᠰᠢᠯᠭᠠᠯᠳᠠ ᠶᠢᠨ ᠦᠶᠡᠰ ᠰᠢᠯᠵᠢᠭᠡ ᠬᠤᠯᠪᠤᠭᠠᠨ ᠤ ᠤᠳᠠᠰᠤᠨ ᠤ ᠨᠤᠮᠧᠷ ᠬᠠᠩᠭᠠᠭᠰᠠᠨ ︵ᠤᠷᠤᠨ ᠤ ᠳᠤᠳᠤᠷᠠᠬᠢ ᠤᠳᠠᠰᠤᠨ ᠨᠤᠮᠧᠷ ᠢᠶᠠᠷ ᠬᠢᠵᠠᠭᠠᠷᠯᠠᠨ᠎ᠠ︶ ᠰᠢᠯᠭᠠᠭᠤᠯᠤᠭᠴᠢ ᠪᠠᠭᠳᠠᠨ᠎ᠠ︔ ᠭᠤᠷᠪᠠ ᠳᠤ᠂ ︽ᠦᠪᠡᠷᠳᠡᠭᠡᠨ ᠵᠠᠰᠠᠬᠤ ᠤᠷᠤᠨ ᠤ ᠰᠤᠷᠤᠭᠴᠢ ᠡᠯᠰᠡᠬᠦ ᠰᠢᠯᠭᠠᠯᠳᠠ ︾ ︵nmgzskszwx︶ ᠵᠢᠷᠬᠢᠶ᠎ᠡ ᠶᠢᠨ ᠨᠡᠶᠢᠳᠡ ᠶᠢᠨ ᠳᠡᠪᠴᠡᠩ ᠠᠴᠠ ᠨᠦᠬᠦᠴᠡᠯ ᠲᠠᠢ ᠪᠠᠶᠢᠳᠠᠯ ᠳᠤᠤᠷ᠎ᠠ ᠡᠷᠡᠮᠡᠯᠵᠡᠯ ᠲᠠᠭᠯᠠᠬᠤ ᠮᠡᠳᠡᠭᠡ ᠵᠠᠩᠬᠢ ᠶᠢ ᠳᠠᠮᠵᠢᠭᠤᠯᠤᠨ᠎ᠠ᠃ ᠡᠭᠦᠨ ᠠᠴᠠ ᠭᠠᠳᠠᠨ᠎ᠠ᠂ ᠡᠯ᠎ᠡ ᠠᠶᠢᠮᠠᠭ ᠬᠤᠳᠠ᠂ ᠬᠤᠰᠢᠭᠤ ᠰᠢᠶᠠᠨ  ᠎ ᠤ ᠰᠤᠷᠤᠭᠴᠢ ᠡᠯᠰᠡᠬᠦ ᠰᠢᠯᠭᠠᠯᠳᠠ ᠶᠢᠨ ᠪᠠᠶᠢᠭᠤᠯᠤᠮᠵᠢ᠂ ᠡᠯ᠎ᠡ ᠦᠨᠳᠦᠷ ᠳᠤᠮᠳᠠᠳᠦ ᠶᠢᠨ ᠰᠤᠷᠭᠠᠭᠤᠯᠢ ᠨᠤᠭᠤᠳ ᠤᠯᠠᠨ ᠵᠦᠢᠯ ᠤᠨ ᠬᠡᠯᠪᠡᠷᠢ᠂ ᠤᠯᠠᠨ ᠵᠦᠢᠯ ᠤᠨ ᠠᠷᠭ᠎ᠠ ᠵᠠᠮ ᠢᠶᠠᠷ ᠳᠠᠮᠵᠢᠨ ᠰᠢᠯᠭᠠᠭᠤᠯᠤᠭᠰᠠᠳ ᠲᠤ ᠴᠠᠭ ᠲᠤᠬᠠᠢ ᠳᠤᠨᠢ ᠡᠷᠡᠮᠡᠯᠵᠡᠯ ᠲᠠᠭᠯᠠᠬᠤ ᠲᠤᠬᠠᠢ ᠮᠡᠳᠡᠭᠳᠡᠨ᠎ᠡ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号