ᠦᠪᠦᠷ ᠮᠤᠩᠭᠤᠯ ᠤᠨ ᠠᠷᠪᠠᠨ ᠨᠢᠭᠡᠳᠦᠭᠡᠷ ᠬᠤᠭᠤᠴᠠᠭᠠᠨ ᠤ ᠨᠡᠶᠢᠭᠡᠮ ᠤᠨ ᠰᠢᠨᠵᠢᠯᠡᠬᠦ ᠤᠬᠠᠭᠠᠨ ᠢ ᠲᠦᠭᠡᠮᠡᠯᠵᠢᠬᠦᠯᠬᠦ ᠭᠠᠷᠠᠭ ᠤᠨ ᠠᠵᠢᠯᠯᠠᠭ᠎ᠠ ᠡᠬᠢᠯᠡᠪᠡ
ᠨᠡᠶᠢᠲᠡᠯᠡᠭᠰᠡᠨ ᠴᠠᠭ᠄
2017/6/13
     6 ᠳ᠋ᠤᠭᠠᠷ ᠰᠠᠷ᠎ᠠ ᠶᠢᠨ 11 ᠤ ᠡᠳᠤᠷ᠂ ᠦᠪᠡᠷᠳᠡᠭᠡᠨ ᠵᠠᠰᠠᠬᠤ ᠤᠷᠤᠨ ᠤ ᠠᠷᠪᠠᠨ ᠨᠢᠬᠡᠳᠤᠭᠡᠷ ᠬᠤᠭᠤᠴᠠᠭᠠᠨ ᠤ ᠨᠡᠶᠢᠬᠡᠮ ᠤᠨ ᠰᠢᠨᠵᠢᠯᠡᠬᠦ ᠤᠬᠠᠭᠠᠨ ᠢ ᠲᠦᠬᠡᠮᠡᠯᠵᠢᠬᠦᠯᠬᠦ ᠭᠠᠷᠠᠭ ᠤᠨ ᠠᠵᠢᠯᠯᠠᠭ᠎ᠠ ᠵᠢᠴᠢ ᠬᠦᠬᠡᠬᠤᠳᠠ ᠤᠷᠤᠨ ᠤ ᠨᠡᠶᠢᠬᠡᠮ ᠤᠨ ᠰᠢᠨᠵᠢᠯᠡᠬᠦ ᠤᠬᠠᠭᠠᠨ ᠢ ᠲᠦᠬᠡᠮᠡᠯᠵᠢᠬᠦᠯᠬᠦ ᠭᠠᠷᠠᠭ ᠤᠨ ᠠᠵᠢᠯᠯᠠᠭ᠎ᠠ ᠦᠪᠤᠷ ᠮᠤᠩᠭᠤᠯ ᠤᠨ ᠨᠤᠮ ᠤᠨ ᠰᠠᠩ ᠳᠤ ᠡᠬᠢᠯᠡᠪᠡ᠃        ᠲᠤᠰ ᠬᠤᠭᠤᠴᠠᠭᠠᠨ ᠤ ᠨᠡᠶᠢᠬᠡᠮ ᠤᠨ ᠰᠢᠨᠵᠢᠯᠡᠬᠦ ᠤᠬᠠᠭᠠᠨ ᠢ ᠲᠦᠬᠡᠮᠡᠯᠵᠢᠬᠦᠯᠬᠦ ᠭᠠᠷᠠᠭ ᠤᠨ ᠭᠤᠤᠯ ᠰᠡᠳᠤᠪ ᠨᠢ ︽ᠰᠠᠬᠢᠨ ᠪᠠᠷᠠᠯᠠᠵᠥ ᠬᠠᠷᠢᠯᠴᠠᠨ ᠬᠠᠪᠰᠤᠷᠤᠯᠴᠠᠵᠥ᠂ ᠤᠮᠠᠷᠠᠳᠤ ᠬᠢᠯᠢ ᠪᠠᠨ ᠦᠵᠡᠰᠬᠦᠯᠡᠩᠳᠤ ᠰᠠᠶᠢᠬᠠᠨ ᠪᠤᠯᠭᠠᠨ ᠴᠤᠭᠴᠠᠯᠠᠶ᠎ᠠ︾ ᠬᠡᠬᠦ ᠪᠤᠯᠤᠨ᠎ᠠ᠃ ᠨᠢᠬᠡ ᠭᠠᠷᠠᠭ ᠤᠨ ᠬᠤᠭᠤᠴᠠᠭᠠᠨ ᠳᠤ᠂ ᠦᠪᠡᠷᠳᠡᠭᠡᠨ ᠵᠠᠰᠠᠬᠤ ᠤᠷᠤᠨ᠂ ᠠᠶᠢᠮᠠᠭ ᠬᠤᠳᠠ᠂ ᠬᠤᠰᠢᠭᠤ ᠰᠢᠶᠠᠨ ︵ᠬᠤᠳᠠ᠂ ᠲᠤᠭᠤᠷᠢᠭ︶ ᠭᠤᠷᠪᠠᠨ ᠱᠠᠳᠤᠨ ᠤ ᠤᠬᠠᠭᠤᠯᠬᠤ ᠬᠡᠯᠳᠡᠰ᠂ ᠨᠡᠶᠢᠬᠡᠮ ᠤᠨ ᠰᠢᠨᠵᠢᠯᠡᠬᠦ ᠤᠬᠠᠭᠠᠨ ᠤ ᠬᠤᠯᠪᠤᠭ᠎ᠠ ᠵᠢᠴᠢ ᠨᠡᠶᠢᠬᠡᠮ ᠤᠨ ᠰᠢᠨᠵᠢᠯᠡᠬᠦ ᠤᠬᠠᠭᠠᠨ ᠤ ᠰᠢᠰᠲ᠋ᠧᠮ ᠤᠨ ᠬᠠᠮᠢᠶ᠎ᠠ ᠪᠦᠬᠦᠢ ᠨᠢᠬᠡᠴᠡ ᠶᠢᠨ ᠬᠢᠨ ᠭᠤᠤᠯ ᠰᠡᠳᠤᠪ ᠤᠨ ᠲᠤᠭᠤᠷᠢᠨ ᠳᠤ ᠭᠤᠤᠯ ᠰᠡᠳᠤᠪᠳᠤ ᠤᠬᠠᠭᠤᠯᠭ᠎ᠠ᠂ ᠲᠤᠬᠠᠢ ᠶᠢᠨ ᠲᠠᠯᠠᠪᠠᠢ ᠳᠤ ᠯᠠᠪᠯᠠᠭ᠎ᠠ ᠬᠠᠩᠭᠠᠬᠤ᠂ ᠨᠡᠶᠢᠬᠡᠮ ᠤᠨ ᠰᠢᠨᠵᠢᠯᠡᠬᠦ ᠤᠬᠠᠭᠠᠨ ᠢ ᠲᠦᠬᠡᠮᠡᠯᠵᠢᠬᠦᠯᠬᠦ ᠵᠡᠷᠬᠡ ᠡᠯ᠎ᠡ ᠵᠦᠢᠯ ᠤᠨ ᠠᠵᠢᠯᠯᠠᠭ᠎ᠠ ᠦᠷᠨᠢᠬᠦᠯᠵᠥ᠂ ᠦᠨᠳᠦᠰᠦᠳᠡᠨ ᠤ ᠤᠷᠤᠨ ᠤ ᠦᠪᠡᠷᠳᠡᠭᠡᠨ ᠵᠠᠰᠠᠬᠤ ᠪᠠᠶᠢᠭᠤᠯᠤᠯ ᠤᠨ ᠦᠪᠤᠷ ᠮᠤᠩᠭᠤᠯ ᠳᠠᠬᠢ ᠠᠭᠤᠤ ᠶᠡᠭᠡ ᠢᠯᠠᠯᠳᠡ ᠶᠢ ᠮᠠᠭᠳᠠᠨ ᠲᠠᠭᠤᠯᠠᠵᠥ᠂ ᠪᠦᠬᠦ ᠤᠷᠤᠨ ᠤ ᠡᠯ᠎ᠡ ᠹᠷᠤᠨᠲ ᠤᠨ ᠯᠤᠳᠤ ᠶᠡᠭᠡ ᠠᠮᠵᠢᠯᠳᠠ ᠶᠢ ᠲᠤᠰᠬᠠᠬᠤ ᠪᠤᠯᠤᠨ᠎ᠠ᠃      ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠬᠦᠨ᠂ ᠤᠬᠠᠭᠤᠯᠬᠤ ᠬᠡᠯᠳᠡᠰ ᠤᠨ ᠲᠠᠷᠤᠭ᠎ᠠ ᠪᠠᠢ ᠢᠤᠢ ᠭᠠᠩ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠥᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠡᠳ᠋ ᠡᠷᠬᠢᠯᠡᠭᠴᠢ᠂ ᠠᠵᠢᠯᠴᠢᠨ ᠤ ᠶᠡᠷᠤᠩᠬᠡᠢ ᠡᠪᠯᠡᠯ ᠤᠨ ᠲᠡᠷᠢᠬᠦᠯᠡᠭᠴᠢ ᠬᠠᠩ ᠬᠦᠢ ᠯᠢᠨ ᠡᠬᠢᠯᠡᠯᠳᠡ ᠶᠢᠨ ᠶᠤᠰᠤᠯᠠᠯ ᠳᠤ ᠤᠷᠤᠯᠴᠠᠵᠠᠢ᠃      ᠡᠬᠢᠯᠡᠯᠳᠠ ᠶᠢᠨ ᠶᠤᠰᠤᠯᠠᠯ ᠲᠡᠭᠡᠷ᠎ᠠ᠂ ᠨᠡᠶᠢᠬᠡᠮ ᠤᠨ ᠰᠢᠨᠵᠢᠯᠡᠬᠦ ᠤᠬᠠᠭᠠᠨ ᠤ ᠲᠦᠬᠡᠮᠡᠯᠵᠢᠬᠦᠯᠦᠯᠳᠡ ᠶᠢᠨ ᠰᠠᠮᠪᠠᠷ᠎ᠠ ᠶᠢᠨ ᠦᠵᠡᠬᠦᠯᠦᠯᠬᠡ᠂ ᠰᠢᠯᠵᠢᠬᠡ ᠲᠤᠭᠠᠴᠢᠯᠠᠭᠰᠠᠨ ᠮᠦᠽᠸᠢ ᠶᠢᠨ ᠤᠷᠳᠤᠨ ᠤ ᠦᠵᠡᠬᠦᠯᠦᠯᠬᠡ᠂ ᠮᠠᠰᠢᠨ ᠬᠦᠮᠤᠨ ᠤ ᠦᠵᠡᠬᠦᠯᠤᠯᠬᠡ ᠵᠡᠷᠬᠡ ᠠᠯᠢ ᠤᠯᠠᠨ ᠦᠪᠡᠷᠮᠢᠴᠠ ᠤᠨᠴᠠᠯᠢᠬ ᠲᠠᠢ ᠠᠵᠢᠯᠯᠠᠭ᠎ᠠ ᠦᠷᠨᠢᠬᠦᠯᠵᠤ᠂ ᠮᠠᠨ ᠤ ᠤᠷᠤᠨ ᠤ ᠨᠡᠶᠢᠬᠡᠮ ᠤᠨ ᠰᠢᠨᠵᠢᠯᠡᠬᠦ ᠤᠬᠠᠭᠠᠨ ᠤ ᠬᠤᠯᠪᠤᠭ᠎ᠠ ᠶᠢᠨ ᠰᠢᠰᠲ᠋ᠧᠮ ᠤᠨ ᠠᠵᠢᠯ ᠤᠨ ᠦᠷ᠎ᠠ ᠪᠦᠳᠤᠬᠡᠯ ᠪᠤᠯᠤᠨ ᠴᠤᠭ ᠵᠢᠪᠬᠤᠭ᠎ᠠ ᠶᠢ ᠬᠦᠢᠴᠡᠳ ᠢᠯᠡᠷᠡᠬᠦᠯᠪᠠ᠃ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ ᠨᠡᠶᠢᠬᠡᠮ ᠤᠨ ᠰᠢᠨᠵᠢᠯᠡᠬᠦ ᠤᠬᠠᠭᠠᠨ ᠢ ᠲᠦᠬᠡᠮᠡᠯᠵᠢᠬᠦᠯᠬᠦ 3000 ᠨᠤᠮ ᠪᠢᠴᠢᠭ ᠢ ᠪᠡᠯᠬᠡᠯᠡᠵᠤ᠂ 1000 ᠭᠠᠷᠤᠢ ᠬᠦᠮᠤᠨ ᠡᠬᠢᠯᠡᠯᠳᠡ ᠶᠢᠨ ᠶᠤᠰᠤᠯᠠᠯ ᠪᠤᠯᠤᠨ ᠲᠤᠬᠠᠢ ᠶᠢᠨ ᠲᠠᠯᠠᠪᠠᠢ ᠶᠢᠨ ᠠᠵᠢᠯᠯᠠᠭ᠎ᠠ ᠳᠤ ᠤᠷᠤᠯᠴᠠᠵᠠᠢ᠃      ᠲᠤᠰ ᠡᠳᠤᠷ ᠤᠨ ᠦᠳᠡ ᠶᠢᠨ ᠡᠮᠤᠨ᠎ᠠ᠂ ᠨᠡᠶᠢᠬᠡᠮ ᠤᠨ ᠰᠢᠨᠵᠢᠯᠡᠬᠦ ᠤᠬᠠᠭᠠᠨ ᠢ ᠲᠦᠬᠡᠮᠡᠯᠵᠢᠬᠦᠯᠬᠦ ᠭᠠᠷᠠᠬ ᠤᠨ ᠭᠤᠤᠯ ᠰᠡᠳᠤᠪᠳᠤ ᠲᠠᠶᠢᠯᠤᠮᠵᠢ ᠦᠪᠤᠷ ᠮᠤᠩᠭᠤᠯ ᠤᠨ ᠨᠤᠮ ᠤᠨ ᠰᠠᠩ ᠳᠤ ᠡᠬᠢᠯᠠᠪᠠ᠃ ᠳᠤᠮᠳᠠᠳᠤ ᠤᠯᠤᠰ ᠤᠨ ᠨᠡᠶᠢᠬᠡᠮ ᠤᠨ ᠰᠢᠨᠵᠢᠯᠡᠬᠦ ᠤᠬᠠᠭᠠᠨ ᠤ ᠬᠦᠷᠢᠶᠠᠯᠠᠩ ᠤᠨ ᠦᠨᠳᠤᠰᠤᠳᠠᠨ ᠤ ᠤᠬᠠᠭᠠᠨ ᠪᠤᠯᠤᠨ ᠬᠦᠮᠤᠨ ᠲᠦᠷᠤᠯᠬᠢᠳᠠᠨ ᠤ ᠰᠤᠳᠤᠯᠭᠠᠨ ᠤ ᠭᠠᠵᠠᠷ ᠤᠨ ᠸᠠᠩ ᠰᠢ ᠡᠸ᠋ᠨ ᠫᠷᠤᠹᠧᠰᠰᠤᠷ ᠤᠮᠠᠷᠠᠳᠤ ᠬᠢᠯᠢ ᠶᠢᠨ ᠶᠠᠷᠢᠶᠠᠨ ᠤ ᠲᠠᠪᠴᠠᠩ ᠳᠤ ᠰᠠᠭᠠᠳᠠᠵᠤ᠂ ︽ᠳᠤᠮᠳᠠᠳᠤ ᠤᠯᠤᠰ ᠤᠨ ᠦᠨᠳᠤᠰᠤᠳᠠᠨ ᠤ ᠠᠰᠠᠭᠤᠳᠠᠯ ᠢ ᠰᠢᠢᠳᠪᠤᠷᠢᠯᠡᠬᠦ ᠦᠨᠳᠤᠰᠤᠨ ᠲᠦᠷᠢᠮ ᠪᠤᠯᠤᠨ ᠲᠦᠷᠤ ᠶᠢᠨ ᠪᠤᠳᠤᠯᠭ᠎ᠠ︾ ᠶᠢᠨ ᠲᠤᠬᠠᠢ ᠲᠠᠶᠢᠯᠪᠤᠷᠢᠯᠠᠯᠳᠠ ᠬᠢᠵᠠᠢ᠃      ᠨᠡᠶᠢᠬᠡᠮ ᠤᠨ ᠰᠢᠨᠵᠢᠯᠡᠬᠦ ᠤᠬᠠᠭᠠᠨ ᠢ ᠲᠦᠬᠡᠮᠡᠯᠵᠢᠬᠦᠯᠬᠦ ᠭᠠᠷᠠᠬ ᠤᠨ ᠬᠤᠭᠤᠴᠠᠭᠠᠨ ᠳᠤ᠂ ᠤᠮᠠᠷᠠᠳᠤ ᠬᠢᠯᠢ ᠶᠢᠨ ᠶᠠᠷᠢᠶᠠᠨ ᠤ ᠲᠠᠪᠴᠠᠩ ᠳᠤ ᠦᠪᠤᠷ ᠮᠤᠩᠭᠤᠯ ᠤᠨ ᠠᠵᠤ ᠠᠬᠤᠢ ᠶᠢᠨ ᠬᠦᠭᠵᠢᠯᠳᠠ ᠶᠢᠨ 70 ᠵᠢᠯ ᠤᠨ ᠲᠤᠷᠰᠢᠯᠭ᠎ᠠ ᠪᠤᠯᠤᠨ ᠰᠡᠩᠬᠡᠷᠡᠬᠦᠯᠦᠯ᠂ ᠮᠤᠩᠭᠤᠯ ᠦᠨᠳᠤᠰᠤᠳᠠᠨ ᠤ ᠪᠤᠳᠠᠰ ᠤᠨ ᠪᠤᠰᠤ ᠰᠤᠶᠤᠯ ᠤᠨ ᠦᠪ ᠵᠡᠷᠬᠡ ᠠᠭᠤᠯᠭ᠎ᠠ ᠶᠢ ᠪᠠᠭᠳᠠᠭᠠᠭᠰᠠᠨ ᠮᠤᠩᠭᠤᠯ ᠬᠢᠳᠡᠳ ᠬᠡᠯᠡᠨ ᠤ 11 ᠲᠠᠯᠠᠪᠠᠢ ᠰᠢᠷᠢᠰ ᠭᠤᠤᠯ ᠰᠡᠳᠤᠪᠳᠤ ᠲᠠᠶᠢᠯᠤᠮᠵᠢ ᠶᠠᠪᠤᠭᠳᠠᠬᠤ ᠪᠤᠯᠤᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号