2017 ᠣᠨ ᠤ ᠬᠤᠶᠠᠳᠤᠭᠠᠷ ᠤᠯᠠᠷᠢᠯ ᠳᠤ ᠵᠠᠰᠠᠭ ᠤᠨ ᠣᠷᠳᠣᠨ ᠤ ᠰᠦᠯᠵᠢᠶ᠎ᠡ ᠶᠢ ᠰᠤᠭᠤᠴᠠᠨ ᠪᠠᠶᠢᠴᠠᠭᠠᠭᠰᠠᠨ ᠪᠠᠶᠢᠳᠠᠯ ᠤᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠡ
ᠨᠡᠶᠢᠲᠡᠯᠡᠭᠰᠡᠨ ᠴᠠᠭ᠄
2017/6/14
     ᠵᠠᠰᠠᠭ ᠤᠨ ᠣᠷᠳᠣᠨ ᠤ ᠰᠦᠯᠵᠢᠶᠡᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠶᠢᠨ ᠲᠤᠯᠠᠳᠠ᠂ 2016 ᠣᠨ ᠤ ᠭᠤᠷᠪᠠᠳᠤᠭᠠᠷ ᠤᠯᠠᠷᠢᠯ ᠠᠴᠠ ᠡᠬᠢᠯᠡᠨ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠪᠥᠬᠦ ᠣᠷᠣᠨ ᠤ ᠵᠠᠰᠠᠭ ᠤᠨ ᠣᠷᠳᠣᠨ ᠤ ᠰᠦᠯᠵᠢᠶᠡᠨ ᠳᠤ ᠪᠠᠶᠢᠩᠭᠤ ᠶᠢᠨ ᠴᠢᠨᠠᠷᠲᠠᠶ ᠰᠤᠭᠤᠴᠠᠨ ᠪᠠᠶᠢᠴᠠᠭᠠᠬᠤ ᠠᠵᠢᠯ ᠢ ᠦᠷᠨᠢᠬᠦᠯᠪᠡ᠃ 2017 ᠤᠨ ᠤ ᠬᠤᠶᠠᠳᠤᠭᠠᠷ ᠤᠯᠠᠷᠢᠯ ᠳᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠨᠡᠶᠢᠲᠡ 137 ᠵᠠᠰᠠᠭ ᠤᠨ ᠣᠷᠳᠣᠨ ᠤ ᠰᠦᠯᠵᠢᠶᠡᠨ ᠤ ᠪᠠᠶᠢᠳᠠᠯ ᠢ ᠰᠤᠭᠤᠴᠠᠨ ᠪᠠᠶᠢᠴᠠᠭᠠᠭᠰᠠᠨ ᠪᠠᠶᠢᠨ᠎ᠠ᠃ ᠦᠨᠦ ᠰᠤᠭᠤᠴᠢᠨ ᠪᠠᠶᠢᠴᠠᠭᠠᠭᠰᠠᠨ ᠪᠠᠶᠢᠳᠠᠯ ᠢ ᠳᠤᠤᠷᠠᠬᠢ ᠮᠡᠲᠦ ᠮᠡᠳᠡᠭᠳᠡᠪᠡ᠃      ᠨᠢᠭᠡ᠂ ᠬᠤᠶᠠᠳᠤᠭᠠᠷ ᠤᠯᠠᠷᠢᠯ ᠳᠤ ᠵᠠᠰᠠᠭ ᠤᠨ ᠣᠷᠳᠣᠨ ᠤ ᠰᠦᠯᠵᠢᠶ᠎ᠡ ᠶᠢ ᠰᠤᠭᠤᠴᠠᠨ ᠪᠠᠶᠢᠴᠠᠭᠠᠭᠰᠠᠨ ᠪᠠᠶᠢᠳᠠᠯ      2017 ᠤ ᠬᠤᠶᠠᠳᠤᠭᠠᠷ ᠤᠯᠠᠷᠢᠯ ᠳᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠨᠡᠶᠢᠲᠡ ᠡᠯ᠎ᠡ ᠱᠠᠲᠤᠨ ᠤ ᠵᠠᠰᠠᠭ ᠤᠨ ᠣᠷᠳᠣᠨ ᠤ 137 ᠰᠦᠯᠵᠢᠶ᠎ᠡ ᠶᠢ ᠰᠤᠭᠤᠴᠠᠨ ᠪᠠᠶᠢᠴᠠᠭᠠᠪᠠ᠃ ︽ᠠᠩᠬᠠᠳᠤᠭᠠᠷ ᠤᠳᠠᠭᠠᠨ ᠤ ᠪᠦᠬᠦ ᠤᠯᠤᠰ ᠤᠨ ᠵᠠᠰᠠᠭ ᠤᠨ ᠣᠷᠳᠣᠨ ᠤ ᠰᠦᠯᠵᠢᠶ᠎ᠡ ᠶᠢᠨ ᠨᠡᠶᠢᠳᠡᠮ ᠪᠠᠶᠢᠴᠠᠭᠠᠯᠲᠠ ᠶᠢ ᠥᠷᠨᠢᠭᠦᠯᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠮᠡᠳᠡᠭᠳᠡᠯ︾ ︵ᠲᠥᠷᠥ ᠠᠯᠪᠠᠨ ᠲᠠᠷᠬᠠᠭᠠᠭᠰᠠᠨ  ﹇2015﹈ 15 ᠳ᠋ᠤᠭᠠᠷ ᠲᠣᠭᠠᠲᠤ︶ ᠳᠤ ᠲᠣᠭᠲᠠᠭᠠᠭᠰᠠᠨ ᠪᠠᠶᠢᠴᠠᠭᠠᠬᠤ ᠪᠠᠷᠢᠮᠵᠢᠶ᠎ᠠ  ᠪᠠᠷ᠂  ᠬᠠᠷᠭᠤᠭᠤᠯᠵᠤ ᠬᠢᠨᠠᠨ ᠪᠠᠶᠢᠴᠠᠭᠠᠭᠰᠠᠨ ᠤ ᠲᠠᠷᠠᠭ᠎ᠠ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠤᠨ ᠬᠠᠭᠤᠳᠠᠰᠤ ᠶᠢᠨ ᠬᠡᠯᠪᠡᠷᠢ ᠪᠠᠷ ᠬᠠᠮᠢᠶ᠎ᠠ ᠪᠦᠬᠦᠢ ᠨᠢᠭᠡᠴᠡ ᠳᠤ ᠣᠷᠣᠰᠢᠵᠤ ᠪᠠᠶᠢᠭ᠎ᠠ ᠠᠰᠠᠭᠤᠳᠠᠯ ᠢ ᠨᠢ ᠮᠡᠳᠡᠭᠳᠡᠭᠰᠡᠨ ᠤ ᠬᠠᠮᠲᠤ ᠴᠡᠭᠴᠡᠯᠡᠨ ᠰᠠᠶᠢᠵᠢᠷᠠᠭᠤᠯᠬᠤ ᠪᠠᠷ ᠱᠠᠭᠠᠷᠳᠠᠪᠠ᠃ ᠡᠯ᠎ᠡ ᠬᠠᠮᠢᠶ᠎ᠠ ᠪᠦᠬᠦᠢ ᠨᠢᠭᠡᠴᠡ ᠴᠡᠭᠴᠡᠯᠡᠨ ᠦᠭᠡᠷᠡᠴᠢᠯᠡᠭᠡᠳ 1 — 2 ᠭᠠᠷᠠᠭ ᠪᠤᠯᠤᠭᠰᠠᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠠᠴᠠ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠨᠢ ᠨᠢᠭᠡᠳ ᠨᠢᠭᠡ ᠪᠠᠷ ᠳᠠᠬᠢᠨ ᠬᠢᠨᠠᠭᠰᠠᠨ ᠪᠠᠶᠢᠨ᠎ᠠ᠃ ᠦᠷ᠎ᠡ ᠳ᠋ᠦᠩ ᠠᠴᠠ ᠦᠵᠡᠪᠡᠯ᠂ ᠣᠯᠠᠩᠬᠢ ᠰᠦᠯᠵᠢᠶ᠎ᠡ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠵᠦ᠂ 22 ᠰᠦᠯᠵᠢᠶ᠎ᠡ ᠨᠢ ᠦᠨᠢᠳᠡ ᠬᠠᠭᠠᠬᠤ ᠪᠠᠷ ᠭᠤᠶᠤᠴᠢᠯᠠᠵᠤ᠂ 4 ᠰᠦᠯᠵᠢᠶ᠎ᠡ  ᠨᠢ ᠴᠡᠭᠴᠡᠯᠡᠨ ᠰᠠᠶᠢᠵᠢᠷᠠᠭᠤᠯᠤᠭᠰᠠᠨ ᠢᠶᠠᠷ ᠬᠦᠷᠦᠯᠴᠡᠬᠦ ᠦᠭᠡᠢ ᠪᠤᠯᠬᠤᠷ ᠬᠢᠷᠢ ᠲᠡᠩᠴᠡᠭᠰᠡᠨ ᠦᠭᠡᠶ ᠰᠦᠯᠵᠢᠶ᠎ᠡ ᠪᠠᠷ ᠲᠤᠭᠲᠠᠭᠠᠪᠠ᠃      ᠬᠤᠶᠠᠷ᠂ ᠣᠷᠣᠰᠢᠵᠤ ᠪᠠᠶᠢᠭ᠎ᠠ ᠠᠰᠠᠭᠤᠳᠠᠯ      ᠰᠤᠭᠤᠴᠠᠨ ᠪᠠᠶᠢᠴᠠᠭᠠᠭᠰᠠᠨ ᠳ᠋ᠦᠩ ᠠᠴᠠ ᠦᠵᠡᠪᠡᠯ᠂ ᠵᠠᠷᠢᠮ ᠭᠠᠵᠠᠷ ᠣᠷᠣᠨ ᠪᠤᠯᠤᠨ ᠨᠢᠭᠡᠴᠡ ᠨᠢ ᠵᠠᠰᠠᠭ ᠤᠨ ᠣᠷᠳᠣᠨ ᠤ ᠰᠦᠯᠵᠢᠶᠡᠨ ᠤ ᠠᠵᠢᠯ ᠢ ᠬᠦᠨᠳᠦᠳᠭᠡᠨ ᠦᠵᠡᠭᠰᠡᠨ ᠢᠶᠠᠷ ᠬᠦᠷᠦᠯᠴᠡᠬᠦ ᠦᠭᠡᠢ᠂ ᠬᠤᠶᠢᠷᠭᠤᠰᠢᠬᠤ ᠪᠠᠶᠢᠳᠠᠯ ᠣᠷᠣᠰᠢᠵᠤ᠂ ᠰᠦᠯᠵᠢᠶᠡᠨ ᠤ ᠠᠭᠤᠯᠭ᠎ᠠ ᠶᠢᠨ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠤᠭᠰᠠᠨ ᠦᠭᠡᠢ ᠪᠦᠭᠡᠳ ᠮᠡᠳᠡᠭᠡ ᠵᠠᠩᠭᠢ ᠶᠢ ᠴᠠᠭ ᠲᠤᠬᠠᠶ ᠳᠤᠨᠢ ᠰᠢᠨᠡᠳᠭᠡᠭᠰᠡᠨ ᠦᠭᠡᠢ᠂ ᠬᠤᠭᠤᠰᠣᠨ ᠪᠤᠯᠤᠩ ᠦᠯᠡᠳᠡᠭᠡᠬᠦ᠂ ᠦᠢᠯᠡᠴᠢᠯᠡᠭᠡᠨ ᠤ ᠵᠦᠢᠯᠡᠰ ᠤᠨ ᠠᠭᠤᠯᠭ᠎ᠠ ᠨᠢ ᠪᠦᠷᠢᠨ ᠭᠦᠢᠴᠡᠳ ᠪᠤᠰᠤ᠂ ᠤᠯᠠᠨ ᠠᠯᠳᠠᠭ᠎ᠠ ᠪᠤᠷᠤᠭᠤ ᠲᠠᠢ ᠵᠡᠷᠭᠡ ᠪᠠᠶᠢᠳᠠᠯ ᠮᠥᠨ ᠯᠡ ᠣᠷᠣᠰᠢᠭᠰᠠᠭᠠᠷ ᠪᠠᠶᠢᠨ᠎ᠠ᠃ ᠡᠭᠦᠨ ᠠᠴᠠ ᠭᠠᠳᠠᠨ᠎ᠠ᠂ ᠬᠡᠰᠡᠭ ᠭᠠᠵᠠᠷ ᠣᠷᠣᠨ ᠪᠣᠯᠤᠨ ᠰᠠᠯᠠᠭ᠎ᠠ ᠮᠥᠴᠢᠷ ᠲᠤ ᠰᠦᠯᠵᠢᠶᠡᠨ ᠤ ᠴᠡᠭᠴᠡᠯᠡᠨ ᠰᠠᠶᠢᠵᠢᠷᠠᠭᠤᠯᠬᠤ ᠠᠵᠢᠯ ᠢ ᠬᠠᠰᠢ ᠶᠠᠰᠢ ᠦᠡᠭᠭᠡᠷᠡᠭᠡᠵᠤ᠂ ᠪᠠᠶᠢᠴᠠᠭᠠᠯᠲᠠ ᠶᠢ ᠠᠷᠭᠠᠴᠠᠬᠤ ᠶᠢᠨ ᠲᠦᠯᠦᠭᠡ ᠨᠢᠬᠡᠯᠡ ᠳᠡᠭᠡᠷ᠎ᠡ ᠨᠢᠭᠡ ᠤᠯᠠᠨ ᠮᠡᠳᠡᠭᠡ ᠵᠠᠩᠭᠢ ᠲᠠᠯᠪᠢᠭᠰᠠᠨ ᠪᠠᠶᠢᠳᠠᠯ ᠤᠷᠤᠰᠢᠵᠤ ᠪᠠᠶᠢᠨ᠎ᠠ᠃      ᠭᠤᠷᠪᠠ᠂ ᠠᠵᠢᠯ ᠤᠨ ᠱᠠᠭᠠᠷᠳᠠᠯᠭ᠎ᠠ      ᠨᠢᠭᠡ ᠳᠤ ᠮᠡᠳᠡᠭᠡ ᠵᠠᠩᠭᠢ ᠶᠢ ᠴᠠᠭ ᠲᠤᠬᠠᠶ ᠳᠤᠨᠢ ᠵᠥᠪ ᠣᠨᠤᠪᠴᠢᠲᠠᠢ ᠨᠡᠶᠢᠲᠡᠯᠡᠬᠦ ᠬᠡᠷᠡᠭᠲᠡᠶ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠳ ᠵᠠᠰᠠᠭ ᠤᠨ ᠣᠷᠳᠣᠨ ᠤ ᠰᠦᠯᠵᠢᠶ᠎ᠡ ᠶᠢᠨ ᠮᠡᠳᠡᠭᠡ ᠵᠠᠩᠭᠢ ᠶᠢᠨ ᠠᠭᠤᠯᠭ᠎ᠠ ᠶᠢᠨ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠮᠡᠳᠡᠭᠡ ᠵᠠᠩᠭᠢ ᠶᠢ ᠴᠠᠭ ᠲᠤᠬᠠᠶ ᠳᠤᠨᠢ᠂ ᠵᠥᠪ ᠣᠨᠣᠪᠴᠢᠲᠠᠶ᠂ ᠬᠡᠷᠡᠭᠯᠡᠭᠦᠰᠢᠲᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃      ᠬᠤᠶᠠᠷ ᠲᠤ ᠬᠠᠷᠢᠯᠴᠠᠨ ᠰᠣᠯᠢᠯᠴᠠᠬᠤ ᠴᠢᠳᠠᠪᠤᠷᠢ ᠪᠠᠨ ᠴᠢᠩᠭᠠᠳᠬᠠᠬᠤ ᠬᠡᠷᠡᠭᠲᠡᠢ᠃ ᠵᠠᠰᠠᠭ ᠤᠨ ᠣᠷᠳᠣᠨ ᠤ ᠰᠦᠯᠵᠢᠶ᠎ᠡ ᠪᠠᠷ ᠳᠠᠮᠵᠢᠨ ᠰᠦᠯᠵᠢᠶᠡᠨ ᠳᠡᠭᠡᠷ᠎ᠡ ᠰᠣᠷᠪᠣᠯᠵᠢᠯᠠᠬᠤ᠂ ᠰᠠᠨᠠᠯ ᠬᠤᠷᠢᠶᠠᠬᠤ᠂ ᠰᠦᠯᠵᠢᠶᠡᠨ ᠳᠡᠭᠡᠷ᠎ᠡ ᠪᠠᠶᠢᠴᠠᠭᠠᠯᠲᠠ ᠬᠢᠬᠦ ᠵᠡᠷᠭᠡ ᠠᠵᠢᠯᠯᠠᠭ᠎ᠠ ᠥᠷᠨᠢᠭᠦᠯᠵᠦ᠂ ᠤᠯᠠᠨ ᠨᠡᠶᠢᠲᠡ ᠯᠤᠭ᠎ᠠ ᠶᠢᠨ ᠰᠣᠯᠢᠯᠴᠠᠭ᠎ᠠ ᠪᠠᠨ ᠴᠢᠩᠭᠠᠳᠬᠠᠵᠤ᠂ ᠤᠯᠠᠨ ᠨᠡᠶᠢᠲᠡ ᠶᠢᠨ ᠰᠠᠨᠠᠯ ᠰᠠᠨᠠᠭᠤᠯᠭ᠎ᠠ ᠶᠢ ᠥᠷᠭᠡᠨ ᠢᠶᠠᠷ ᠰᠣᠨᠣᠰᠴᠤ᠂ ᠨᠡᠶᠢᠭᠡᠮ ᠤᠨ ᠰᠢᠭᠦᠮᠵᠢᠯᠡᠯ ᠬᠢᠨᠠᠯᠲᠠ ᠶᠢ ᠬᠦᠯᠢᠶᠡᠬᠦ ᠬᠡᠷᠡᠭᠲᠡᠶ᠃      ᠭᠤᠷᠪᠠ ᠳᠤ ᠠᠵᠢᠯᠯᠠᠬᠤ ᠦᠢᠯᠡᠴᠢᠯᠡᠭᠡᠨ ᠤ ᠠᠭᠤᠯᠭ᠎ᠠ ᠪᠠᠨ ᠵᠢᠷᠤᠮᠵᠢᠭᠤᠯᠬᠤ ᠬᠡᠷᠡᠭᠲᠡᠢ᠃ ᠡᠯ᠎ᠡ ᠬᠠᠮᠢᠶ᠎ᠠ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠳ ᠲᠤᠰ ᠲᠤᠰ ᠤᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠲᠠᠢ ᠪᠠᠨ ᠤᠶᠠᠯᠳᠤᠭᠤᠯᠵᠤ᠂ ᠵᠥᠪ ᠣᠨᠣᠪᠴᠢᠲᠠᠶ᠂ ᠵᠢᠷᠤᠮᠵᠢᠯ ᠲᠠᠢ᠂ ᠪᠦᠷᠢᠨ ᠲᠡᠭᠦᠰ᠂ ᠬᠡᠷᠡᠭᠯᠡᠭᠦᠰᠢᠲᠡᠢ ᠪᠠᠶᠢᠬᠤ ᠱᠠᠭᠠᠷᠳᠠᠯᠭ᠎ᠠ ᠪᠠᠷ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠤᠨ ᠬᠡᠷᠡᠭ ᠭᠦᠢᠴᠡᠳᠬᠡᠬᠦ ᠳᠤ ᠵᠦᠭᠯᠡᠭᠦᠷ ᠣᠯᠭᠤᠬᠤ ᠬᠡᠷᠡᠭᠲᠡᠢ᠃ ᠬᠡᠷᠡᠭ ᠭᠦᠢᠴᠡᠳᠬᠡᠬᠦ ᠵᠦᠭᠯᠡᠭᠦᠷ ᠤᠨ ᠠᠭᠤᠯᠭ᠎ᠠ ᠶᠢ ᠡᠭᠦᠷᠭᠡ ᠴᠢᠳᠠᠪᠤᠷᠢ ᠶᠢᠨ ᠲᠣᠬᠢᠷᠠᠭᠤᠯᠤᠯᠲᠠ ᠪᠠᠷ ᠲᠣᠬᠢᠷᠠᠭᠤᠯᠬᠤ ᠮᠦᠷᠲᠡᠭᠡᠨ ᠵᠥᠪ ᠣᠨᠣᠪᠴᠢᠲᠠᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃      ᠳᠥᠷᠪᠡ ᠳᠤ ᠰᠦᠯᠵᠢᠶ᠎ᠡ ᠶᠢ ᠭᠤᠣᠯᠴᠢᠯᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠳ ᠵᠠᠰᠠᠭ ᠤᠨ ᠣᠷᠳᠣᠨ ᠤ ᠰᠦᠯᠵᠢᠶ᠎ᠡ ᠳᠤ ᠭᠤᠣᠯᠴᠢᠯᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠪᠠᠨ ᠴᠢᠩᠭᠠᠳᠬᠠᠵᠤ᠂ ᠬᠦᠨᠳᠦ ᠨᠣᠴᠢᠲᠠᠶ ᠠᠰᠠᠭᠤᠳᠠᠯ ᠣᠷᠣᠰᠢᠵᠦ ᠪᠠᠶᠢᠭ᠎ᠠ ᠰᠦᠯᠵᠢᠶ᠎ᠡ ᠶᠢ ᠬᠠᠭᠠᠨ ᠵᠣᠭᠰᠣᠭᠠᠵᠤ ᠴᠡᠭᠴᠡᠯᠡᠨ ᠥᠭᠡᠷᠡᠴᠢᠯᠡᠭᠦᠯᠵᠦ᠂ ᠠᠳᠠᠯᠢ ᠴᠢᠨᠠᠷ ᠠᠳᠠᠯᠢ ᠲᠦᠷᠦᠯ ᠤᠨ ᠪᠤᠯᠤᠩ ᠢ ᠨᠡᠶᠢᠯᠡᠭᠦᠯᠦᠨ ᠬᠠᠮᠢᠶᠠᠷᠴᠤ᠂ ᠲᠠᠷᠬᠠᠵᠤ ᠪᠠᠶᠢᠭ᠎ᠠ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠦᠨᠳᠦᠰᠦᠨ ᠱᠠᠲᠤᠨ ᠤ ᠵᠠᠰᠠᠭ ᠤᠨ ᠣᠷᠳᠣᠨ ᠤ ᠰᠦᠯᠵᠢᠶ᠎ᠡ ᠶᠢ ᠬᠠᠮᠠᠭᠠᠯᠠᠬᠤ ᠴᠢᠳᠠᠯ ᠦᠭᠡᠢ ᠪᠠᠶᠢᠬᠤ ᠠᠰᠠᠭᠤᠳᠠᠯ ᠢ ᠡᠬᠢ ᠡᠭᠦᠰᠦᠯ ᠠᠴᠠ ᠨᠢ ᠰᠢᠢᠳᠪᠦᠷᠢᠯᠡᠬᠦ ᠬᠡᠷᠡᠭᠲᠡᠢ᠃      ᠳᠠᠭᠠᠯᠳᠤᠭᠤᠯᠤᠯ᠄ 2017 ᠣᠨ ᠤ ᠬᠤᠶᠠᠳᠤᠭᠠᠷ ᠤᠯᠠᠷᠢᠯ ᠤᠨ ᠰᠤᠭᠤᠴᠠᠨ ᠪᠠᠶᠢᠴᠠᠭᠠᠯᠲᠠ ᠳᠤ ᠬᠢᠷᠢ ᠲᠡᠩᠴᠡᠭᠰᠡᠨ ᠦᠭᠡᠢ ᠵᠠᠰᠠᠭ ᠤᠨ ᠣᠷᠳᠣᠨ ᠤ ᠰᠦᠯᠵᠢᠶ᠎ᠡ ᠶᠢᠨ ᠨᠡᠷᠡᠰ                          ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ                          ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ                                  2017 ᠣᠨ ᠤ 6 ᠳ᠋ᠤᠭᠠᠷ ᠰᠠᠷ᠎ᠠ ᠶᠢᠨ 13 ᠤ ᠡᠳᠦᠷ      ᠳᠠᠭᠠᠯᠳᠤᠭᠤᠯᠤᠯ᠄      2017 ᠣᠨ ᠤ ᠬᠤᠶᠠᠳᠤᠭᠠᠷ ᠤᠯᠠᠷᠢᠯ ᠤᠨ ᠰᠤᠭᠤᠴᠠᠨ ᠪᠠᠶᠢᠴᠠᠭᠠᠯᠲᠠ ᠳᠤ ᠬᠢᠷᠢ ᠲᠡᠩᠴᠡᠭᠰᠡᠨ ᠦᠭᠡᠢ ᠵᠠᠰᠠᠭ ᠤᠨ ᠣᠷᠳᠣᠨ ᠤ ᠰᠦᠯᠵᠢᠶ᠎ᠡ ᠶᠢᠨ ᠨᠡᠷᠡᠰ      ᠬᠥᠬᠡᠬᠤᠲᠠ ᠶᠢᠨ ᠭᠠᠳᠠᠭᠠᠳᠤ ᠳᠤ ᠭᠠᠷᠭᠠᠬᠤ ᠪᠦᠲᠦᠭᠡᠭᠳᠡᠬᠦᠨ ᠡᠳ᠋ᠰᠢᠭᠦᠯᠬᠦ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ      ᠤᠰᠤᠨ ᠤ ᠶᠠᠪᠤᠳᠠᠯ ᠤᠨ ᠮᠡᠳᠡᠭᠡ ᠵᠠᠩᠭᠢ ᠶᠢᠨ ᠰᠦᠯᠵᠢᠶ᠎ᠡ ︵ᠦᠬᠠᠶ ᠬᠤᠳᠠ︶      ᠦᠬᠠᠶ ᠬᠤᠳᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ      ᠠᠯᠠᠱᠠ ᠠᠶᠢᠮᠠᠭ ᠤᠨ ᠠᠶᠤᠯ ᠥᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号