ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠶ ᠲᠣᠬᠢᠷᠠᠭᠤᠯᠤᠯᠲᠠ ᠪᠠ ᠪᠠᠶᠢᠷᠢᠯᠠᠭᠤᠯᠤᠯᠲᠠ ᠪᠠᠷ᠂ ᠮᠠᠨᠵᠤᠤᠷ | ᠬᠤᠲᠠ ᠣᠨᠳᠣᠤ ᠭᠠᠵᠠᠷ ᠡᠪᠡᠳᠴᠢᠨ ᠦᠵᠡᠭᠦᠯᠵᠦ ᠡᠮᠨᠡᠯᠭᠡ ᠳᠤ ᠰᠠᠭᠤᠭᠰᠠᠨ ᠵᠠᠷᠤᠳᠠᠯ ᠢ ᠰᠢᠭᠤᠳ ᠳ᠋ᠦᠩᠨᠡᠨ | ᠪᠤᠳᠤᠬᠤ ᠶᠠᠪᠤᠳᠠᠯ ᠢ ᠬᠤᠶᠠᠷ ᠬᠡᠰᠡᠭ ᠬᠤᠪᠢᠶᠠᠵᠡᠢ᠄ ᠨᠢᠭᠡ ᠳᠤ ᠣᠷᠣᠨ ᠤ ᠳᠣᠲᠣᠷ᠎ᠠ ᠣᠨᠳᠣᠣ ᠭᠠᠵᠠᠷ ᠲᠤ | ᠡᠪᠡᠳᠴᠢᠨ ᠦᠵᠡᠭᠦᠯᠵᠦ ᠡᠮᠨᠡᠯᠭᠡ ᠳᠤ ᠰᠠᠭᠤᠭᠰᠠᠨ ᠵᠠᠷᠤᠳᠠᠯ ᠢ ᠰᠢᠭᠤᠳ ᠳ᠋ᠦᠩᠨᠡᠨ ᠪᠤᠳᠤᠨ᠎ᠠ᠂ ᠬᠤᠶᠠᠷ ᠲᠤ ᠮᠤᠵᠢ | ᠠᠯᠤᠰᠯᠠᠨ ᠣᠨᠳᠣᠤ ᠭᠠᠵᠠᠷ ᠲᠤ ᠡᠪᠡᠳᠴᠢᠨ ᠦᠵᠡᠭᠦᠯᠵᠦ ᠡᠮᠨᠡᠯᠭᠡ ᠳᠤ ᠰᠠᠭᠤᠭᠰᠠᠨ ᠵᠠᠷᠤᠳᠠᠯ ᠢ ᠰᠢᠭᠤᠳ ᠳ᠋ᠦᠩᠨᠡᠨ | ᠪᠤᠳᠤᠨ᠎ᠠ᠃ ᠤᠳᠤ᠂ ᠬᠤᠶᠠᠷ ᠵᠦᠢᠯ ᠤᠨ ᠠᠵᠢᠯ ᠪᠦᠷ ᠲᠣᠭᠲᠠᠭᠤᠨ ᠢᠶᠠᠷ ᠠᠬᠢᠵᠤ ᠪᠠᠶᠢᠨ᠎ᠠ᠃ | ᠤᠶᠢᠯᠠᠭᠠᠭᠰᠠᠨ ᠢᠶᠠᠷ᠂ ᠣᠷᠣᠨ ᠤ ᠳᠣᠲᠣᠷ᠎ᠠ ᠣᠨᠳᠣᠣ ᠭᠠᠵᠠᠷ ᠲᠤ ᠡᠪᠡᠳᠴᠢᠨ ᠦᠵᠡᠭᠦᠯᠵᠦ ᠡᠮᠨᠡᠯᠭᠡ ᠳᠤ | ᠰᠠᠭᠤᠭᠰᠠᠨ ᠵᠠᠷᠤᠳᠠᠯ ᠢ ᠰᠢᠭᠤᠳ ᠳ᠋ᠦᠩᠨᠡᠨ ᠪᠤᠳᠤᠬᠤ ᠶᠠᠪᠤᠳᠠᠯ ᠤᠳᠤ ᠨᠢᠭᠡᠨᠲᠡ ᠲᠤᠷᠰᠢᠯᠲᠠ ᠶᠢᠨ ᠱᠠᠲᠤᠨ ᠳᠤ | ᠤᠷᠤᠭᠠᠳ ᠪᠠᠶᠢᠨ᠎ᠠ᠃ ︽ᠳᠣᠲᠣᠷ᠎ᠠ ᠣᠨᠳᠣᠣ ᠭᠠᠵᠠᠷ ᠲᠤ ᠡᠪᠡᠳᠴᠢᠨ ᠦᠵᠡᠭᠦᠯᠵᠦ ᠡᠮᠨᠡᠯᠭᠡ ᠳᠤ ᠰᠠᠭᠤᠭᠰᠠᠨ | ᠵᠠᠷᠤᠳᠠᠯ ᠢ ᠳ᠋ᠦᠩᠨᠡᠨ ᠪᠣᠳᠣᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠷᠤᠨ ᠤ | ᠲᠤᠷᠰᠢᠯᠲᠠ ᠶᠢᠨ ᠲᠥᠰᠦᠯ︾ ᠤᠨ ᠱᠠᠭᠠᠷᠳᠠᠯᠭ᠎ᠠ ᠪᠠᠷ᠂ ᠲᠣᠰ ᠲᠣᠪᠴᠢᠶ᠎ᠠ ᠨᠢ ᠮᠠᠨᠵᠤᠤᠷ ᠬᠤᠲᠠ ᠶᠢᠨ ᠠᠷᠠᠳ ᠤᠨ | ᠡᠮᠨᠡᠯᠭᠡ ᠶᠢᠨ ᠬᠤᠷᠢᠶ᠎ᠠ᠂ ᠮᠠᠨᠵᠤᠤᠷ ᠬᠤᠲᠠ ᠶᠢᠨ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ᠂ ᠵᠠᠯᠠᠶᠢᠨᠠᠭᠤᠷ | ᠨᠡᠭᠦᠷᠡᠰᠦᠨ ᠠᠭᠤᠷᠬᠠᠢ ᠶᠢᠨ ᠶᠡᠷᠦᠩᠬᠡᠶ ᠡᠮᠨᠡᠯᠭᠡ ᠶᠢᠨ ᠬᠤᠷᠢᠶ᠎ᠠ ᠶᠢᠨ ᠣᠨᠳᠣᠣ ᠭᠠᠵᠠᠷ ᠲᠠᠬᠢ ᠲᠤᠭᠲᠠᠭᠠᠭᠰᠠᠨ | ᠴᠢᠭ᠋ ᠤᠨ ᠡᠮᠨᠡᠯᠭᠡ ᠶᠢᠨ ᠬᠤᠷᠢᠶ᠎ᠠ ᠨᠢ 14 ᠠᠶᠢᠮᠠᠭ ᠬᠤᠳᠠ ᠶᠢᠨ ᠡᠮ ᠡᠮᠨᠡᠯᠭᠡ ᠶᠢᠨ ᠳᠠᠭᠠᠳᠬᠠᠯ ᠤᠨ ᠺᠠᠷᠲ ᠤᠨ | ᠲᠤᠰ ᠲᠤᠰ ᠲᠤᠨᠢ ᠲᠤᠷᠰᠢᠯᠲᠠ ᠬᠢᠬᠦ ᠶᠢᠨ ᠬᠠᠮᠲᠤ ᠲᠤᠷᠰᠢᠯᠲᠠ ᠶᠢᠨ ᠳᠤᠮᠳᠠ ᠣᠯᠵᠤ ᠮᠡᠳᠡᠭᠰᠡᠨ ᠠᠰᠠᠭᠤᠳᠠᠯ ᠢ | ᠴᠠᠭ ᠲᠤᠬᠠᠶ ᠳᠤᠨᠢ ᠳᠡᠭᠡᠭᠰᠢ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠥᠬᠦᠢ ᠬᠠᠮᠢᠶᠠᠷᠤᠯᠲᠠ ᠶᠢᠨ ᠰᠠᠯᠠᠭ᠎ᠠ | ᠮᠦᠴᠢᠷ ᠲᠤ ᠮᠡᠳᠡᠭᠦᠯᠭᠦ ᠪᠠᠷ ᠲᠤᠭᠲᠠᠭᠠᠵᠠᠢ᠃ ᠮᠤᠵᠢ ᠠᠯᠤᠰᠯᠠᠨ ᠣᠨᠳᠣᠣ ᠭᠠᠵᠠᠷ ᠲᠤ ᠡᠮᠨᠡᠭᠦᠯᠦᠭᠰᠡᠨ ᠵᠠᠷᠤᠳᠠᠯ ᠢ | ᠳ᠋ᠦᠩᠨᠡᠨ ᠪᠤᠳᠤᠬᠤ ᠶᠢ ᠪᠡᠶᠡᠯᠡᠭᠦᠯᠬᠦ ᠨᠢ 2017 ᠣᠨ ᠳᠤ ᠡᠮ ᠡᠮᠨᠡᠯᠭᠡ ᠶᠢᠨ ᠳᠠᠭᠠᠳᠬᠠᠯ ᠤᠨ ᠠᠵᠢᠯ ᠤᠨ | ᠴᠢᠬᠤᠯᠠ ᠠᠴᠠ ᠴᠢᠬᠤᠯᠠ ᠭᠤᠤᠯᠳᠠᠯᠭ᠎ᠠ ᠪᠤᠯᠤᠨ᠎ᠠ᠃ ᠬᠤᠲᠠ ᠶᠢᠨ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ | ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠤᠯᠤᠰ᠂ ᠥᠪᠡᠷᠲᠡᠭᠡᠨ ᠵᠠᠰᠠᠬᠤ ᠣᠷᠣᠨ ᠤ ᠠᠯᠬᠤᠮ ᠢ ᠰᠠᠯᠤᠯ | ᠦᠭᠡᠢ ᠳᠠᠭᠠᠵᠤ᠂ ᠡᠮ ᠡᠮᠨᠡᠯᠭᠡ ᠶᠢᠨ ᠦᠢᠯᠡᠴᠢᠯᠡᠭᠡ᠂ ᠬᠠᠲᠠᠭᠤ ᠬᠡᠷᠡᠭᠰᠡᠯ ᠤᠨ ᠬᠢᠷᠢ ᠬᠡᠮᠵᠢᠶ᠎ᠡ ᠪᠣᠯᠤᠨ ᠨᠡᠶᠢᠭᠡᠮ ᠤᠨ | ᠢᠲᠡᠭᠡᠮᠵᠢ ᠵᠡᠷᠭᠡ ᠪᠠᠷᠢᠮᠵᠢᠶ᠎ᠠ ᠪᠠᠷ ᠶᠡᠷᠦᠩᠬᠡᠶᠢᠯᠡᠨ ᠰᠢᠯᠭᠠᠨ ᠦᠨᠡᠯᠡᠵᠦ᠂ ᠮᠠᠨᠵᠤᠤᠷ ᠬᠤᠲᠠ ᠶᠢᠨ ᠠᠷᠠᠳ ᠤᠨ | ᠡᠮᠨᠡᠯᠭᠡ ᠶᠢᠨ ᠬᠤᠷᠢᠶ᠎ᠠ ᠵᠢᠴᠢ ᠵᠠᠯᠠᠶᠢᠨᠠᠭᠤᠷ ᠨᠡᠭᠦᠷᠡᠰᠦᠨ ᠠᠭᠤᠷᠬᠠᠢ ᠶᠢᠨ ᠶᠡᠷᠦᠩᠬᠡᠶ ᠡᠮᠨᠡᠯᠭᠡ ᠶᠢᠨ ᠬᠤᠷᠢᠶ᠎ᠠ ᠬᠤᠶᠠᠷ | ᠳᠤᠮᠤ ᠬᠡᠯᠪᠡᠷᠢ ᠶᠢᠨ ᠡᠮᠨᠡᠯᠭᠡ ᠶᠢᠨ ᠬᠤᠷᠢᠶ᠎ᠠ ᠶᠢ ᠮᠠᠨᠵᠤᠤᠷ ᠬᠤᠲᠠ ᠶᠢᠨ ᠣᠨᠳᠣᠤ ᠭᠠᠵᠠᠷ ᠲᠤ ᠡᠪᠡᠳᠴᠢᠨ | ᠦᠵᠡᠭᠦᠯᠬᠦ ᠲᠣᠭᠲᠠᠭᠠᠭᠰᠠᠨ ᠴᠢᠭ᠋ ᠤᠨ ᠡᠮᠨᠡᠯᠭᠡ ᠶᠢᠨ ᠬᠤᠷᠢᠶ᠎ᠠ ᠪᠠᠷ ᠰᠤᠩᠭᠤᠵᠤ ᠭᠠᠷᠭᠠᠪᠠ᠃ ᠮᠤᠵᠢ ᠠᠯᠤᠰᠯᠠᠨ | ᠣᠨᠳᠣᠤ ᠭᠠᠵᠠᠷ ᠲᠤ ᠡᠪᠡᠳᠴᠢᠨ ᠦᠵᠡᠭᠦᠯᠵᠦ ᠡᠮᠨᠡᠯᠭᠡ ᠳᠤ ᠰᠠᠭᠤᠭᠰᠠᠨ ᠵᠠᠷᠤᠳᠠᠯ ᠢ ᠰᠢᠭᠤᠳ ᠳ᠋ᠦᠩᠨᠡᠨ ᠪᠤᠳᠤᠬᠤ | ᠠᠵᠢᠯ ᠪᠦᠳᠦᠭᠡᠨ ᠪᠠᠶᠢᠭᠤᠯᠤᠯᠲᠠ ᠶᠢᠨ ᠱᠠᠲᠤᠨ ᠳᠠᠭᠠᠨ ᠪᠠᠶᠢᠵᠤ᠂ ᠤᠳᠤ ᠶᠠᠭ ᠠᠮᠠ ᠰᠡᠭᠡᠷ ᠵᠠᠯᠭᠠᠭᠤᠯᠵᠤ ᠪᠠᠶᠢᠬᠤ | ᠪᠦᠭᠡᠳ 9 ᠳ᠋ᠦ᠋ᠭᠡᠷ ᠰᠠᠷ᠎ᠠ ᠳᠤ ᠠᠮᠵᠢᠯᠲᠠ ᠲᠠᠢ ᠪᠠᠷ ᠵᠤᠯᠭᠠᠭᠤᠯᠬᠤ ᠪᠠᠷ ᠴᠢᠷᠮᠠᠶᠢᠵᠤ ᠪᠠᠶᠢᠨ᠎ᠠ᠃ |