6 ᠳ᠋ᠤᠭᠠᠷ ᠰᠠᠷ᠎ᠠ ᠶᠢᠨ 14 ᠤ ᠡᠳᠦᠷ᠂ ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠴᠠᠭ | ᠠᠭᠤᠷ ᠤᠨ ᠲᠣᠪᠴᠢᠶ᠎ᠠ ᠠᠴᠠ ᠠᠭᠠᠭᠢᠮ᠎ᠠ ᠬᠠᠯᠠᠭᠤᠨ ᠤ ᠤᠯᠠᠪᠤᠷ ᠥᠩᠭᠡ ᠶᠢᠨ ᠰᠡᠷᠡᠮᠵᠢᠯᠡᠯ ᠤᠨ ᠳᠣᠬᠢᠶ᠎ᠠ | ᠨᠡᠶᠢᠲᠡᠯᠡᠵᠦ᠂ 14 ᠤ ᠡᠳᠦᠷ ᠠᠴᠠ ᠡᠬᠢᠯᠡᠨ᠂ ᠮᠠᠨ ᠤ ᠤᠷᠤᠨ ᠤ ᠪᠠᠷᠠᠭᠤᠨ ᠪᠡᠶ᠎ᠡ ᠪᠣᠯᠣᠨ ᠵᠡᠭᠦᠨ ᠡᠮᠦᠨᠡᠲᠦ | ᠪᠡᠶ᠎ᠡ ᠪᠠᠷ ᠠᠭᠠᠭᠢᠮ᠎ᠠ ᠬᠠᠯᠠᠭᠤᠨ ᠪᠣᠢ ᠪᠣᠯᠵᠤ᠂ ᠬᠠᠮᠤᠭ ᠦᠨᠳᠦᠷ ᠲᠡᠭᠡᠨ 35 ℃ ᠠᠴᠠ ᠳᠠᠪᠠᠨ᠎ᠠ ᠭᠡᠵᠡᠢ᠃ | ᠦᠪᠦᠷ ᠮᠣᠩᠭᠤᠯ ᠤᠨ ᠴᠠᠭ ᠠᠭᠤᠷ ᠤᠨ ᠦᠷᠲᠡᠭᠡ ᠶᠢᠨ ᠬᠠᠮᠤᠭ ᠰᠢᠨ᠎ᠡ ᠤᠷᠢᠳᠴᠢᠯᠠᠭᠰᠠᠨ ᠮᠡᠳᠡᠭᠡ ᠶᠢ | ᠦᠨᠳᠦᠰᠦᠯᠡᠪᠡᠯ᠂ ᠢᠷᠡᠬᠦ ᠬᠡᠳᠦᠨ ᠡᠳᠦᠷ᠂ ᠪᠦᠬᠦ ᠤᠷᠤᠨ ᠤ ᠶᠡᠬᠡᠩᠭᠢ ᠬᠡᠰᠡᠭ ᠲᠤ ᠲᠤᠩᠭᠠᠯᠠᠭᠰᠢᠵᠤ ᠠᠭᠠᠭᠢᠮ᠎ᠠ | ᠬᠠᠯᠠᠭᠤᠨ ᠪᠣᠯᠵᠤ᠂ ᠵᠡᠭᠦᠨ ᠡᠮᠦᠨᠡᠲᠦ ᠪᠡᠶ᠎ᠡ ᠶᠢᠨ ᠠᠭᠠᠷ ᠤᠨ ᠳᠤᠯᠠᠭᠠᠨ ᠨᠢ 35℃ ᠢ ᠳᠠᠪᠠᠵᠤ᠂ ᠬᠡᠰᠡᠭ | ᠭᠠᠵᠠᠷ ᠲᠤ 38℃ ᠬᠦᠷᠬᠦ ᠪᠣᠯᠣᠨ᠎ᠠ᠂ ᠵᠢᠱᠢᠯᠲᠡ ᠪᠠᠷ 24 ᠴᠠᠭ ᠤᠨ ᠳᠣᠲᠣᠷ᠎ᠠ᠂ ᠤᠯᠠᠭᠠᠨᠬᠠᠳᠠ ᠶᠢᠨ ᠬᠤᠶᠢᠲᠤ | ᠪᠡᠶ᠎ᠡ᠂ ᠲᠥᠩᠯᠢᠶᠥᠥ ᠶᠢᠨ ᠶᠡᠬᠡᠩᠭᠢ ᠬᠡᠰᠡᠭ᠂ ᠬᠢᠩᠭᠠᠨ ᠠᠶᠢᠮᠠᠭ ᠤᠨ ᠡᠮᠦᠨ᠎ᠡ ᠪᠡᠶ᠎ᠡ᠂ ᠬᠦᠯᠦᠨ ᠪᠣᠶᠢᠷ ᠤᠨ ᠪᠠᠷᠠᠭᠤᠨ | ᠡᠮᠦᠨᠡᠲᠦ ᠪᠡᠶ᠎ᠡ ᠶᠢᠨ ᠠᠭᠠᠷ ᠤᠨ ᠳᠤᠯᠠᠭᠠᠨ ᠨᠢ ᠳᠡᠭᠡᠭᠰᠢᠯᠡᠭᠡᠳ 37℃ ᠢ ᠳᠠᠪᠠᠭ᠋ᠤ ᠪᠣᠯᠣᠨ᠎ᠠ᠃ ᠴᠠᠭ ᠠᠭᠤᠷ ᠤᠨ | ᠲᠤᠰᠬᠠᠢ ᠮᠡᠷᠭᠡᠵᠢᠯᠲᠡᠨ ᠠᠴᠠ ᠬᠠᠮᠢᠶ᠎ᠠ ᠪᠦᠬᠦᠢ ᠰᠠᠯᠠᠭ᠎ᠠ ᠮᠦᠴᠢᠷ ᠤᠳ ᠬᠠᠯᠠᠭᠤᠨ ᠢ ᠰᠡᠷᠭᠡᠶᠢᠯᠡᠨ ᠪᠠᠭᠤᠷᠠᠭᠤᠯᠬᠤ | ᠠᠵᠢᠯ ᠢᠶᠠᠨ ᠰᠠᠶᠢᠲᠤᠷ ᠬᠢᠬᠦ ᠬᠡᠷᠡᠭᠲᠡᠢ︔ ᠲᠠᠷᠢᠶᠠᠯᠠᠬᠤ ᠤᠷᠤᠨ ᠨᠢ ᠲᠠᠷᠢᠶᠠᠨ ᠭᠠᠵᠠᠷ ᠤᠨ ᠬᠠᠮᠢᠶᠠᠷᠤᠯᠲᠠ ᠪᠠᠨ | ᠴᠢᠩᠭᠠᠳᠬᠠᠵᠤ᠂ ᠲᠠᠷᠢᠮᠠᠯ ᠤᠨ ᠡᠪᠡᠳᠴᠢᠨ ᠤ ᠬᠦᠨᠦᠭᠡᠯ ᠢ ᠬᠢᠨᠠᠨ ᠬᠡᠮᠵᠢᠵᠦ ᠰᠡᠷᠭᠡᠶᠢᠯᠡᠨ ᠵᠠᠰᠠᠬᠤ ᠪᠠᠨ ᠠᠩᠬᠠᠷᠬᠤ | ᠬᠡᠷᠡᠭᠲᠡᠢ︔ ᠠᠭᠠᠭᠢᠮ᠎ᠠ ᠬᠠᠯᠠᠭᠤᠨ ᠳᠤ ᠠᠵᠢᠯᠯᠠᠬᠤ ᠪᠠ ᠡᠳᠦᠷᠵᠢᠨ ᠭᠠᠳᠠᠨ᠎ᠠ ᠤᠷᠲᠤ ᠬᠤᠭᠤᠴᠠᠭ᠎ᠠ ᠪᠠᠷ ᠠᠵᠢᠯᠯᠠᠬᠤ | ᠬᠦᠮᠦᠰ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠠᠪᠬᠤ ᠬᠡᠷᠡᠭᠲᠡᠢ᠃ ᠡᠭᠦᠨ ᠠᠴᠠ ᠭᠠᠳᠠᠨ᠎ᠠ᠂ ᠠᠭᠠᠭᠢᠮ᠎ᠠ | ᠬᠠᠯᠠᠭᠤᠨ ᠵᠠᠮ ᠤᠨ ᠭᠠᠳᠠᠷᠭᠤ ᠪᠣᠯᠣᠨ ᠲᠡᠷᠭᠡᠨ ᠬᠦᠷᠳᠦ ᠶᠢᠨ ᠬᠠᠯᠠᠭᠤᠨ ᠢ ᠳᠡᠭᠡᠭᠰᠢᠯᠡᠭᠦᠯᠵᠦ᠂ ᠲᠡᠷᠭᠡᠨ ᠬᠦᠷᠳᠦ | ᠠᠮᠠᠷᠬᠠᠨ ᠬᠠᠭᠠᠷᠠᠬᠤ ᠪᠠ ᠵᠠᠮ ᠬᠠᠷᠢᠯᠴᠠᠭᠠᠨ ᠤ ᠠᠳᠡᠯ ᠤᠨ ᠠᠶᠤᠯ ᠲᠥᠭᠰᠢᠭᠦᠷᠢ ᠶᠢ ᠨᠡᠮᠡᠭᠳᠡᠭᠦᠯᠬᠦ ᠪᠣᠯᠬᠤᠷ | ᠵᠢᠯᠣᠭᠤᠴᠢ ᠨᠠᠷ ᠲᠡᠷᠭᠡᠨ ᠬᠦᠷᠳᠦ ᠶᠢᠨ ᠪᠠᠶᠢᠳᠠᠯ ᠢᠶᠠᠨ ᠰᠠᠶᠢᠲᠤᠷ ᠪᠠᠶᠢᠴᠠᠭᠠᠵᠤ᠂ ᠤᠷᠲᠤ ᠬᠤᠭᠤᠴᠠᠭ᠎ᠠ ᠪᠠᠷ ᠳᠡᠭᠡᠳᠦ | ᠬᠤᠷᠳᠤ ᠪᠠᠷ ᠠᠶᠠᠯᠠᠬᠤ ᠠᠴᠠ ᠵᠠᠶᠢᠯᠠᠰᠭᠢᠬᠦ ᠬᠡᠷᠡᠭᠲᠡᠢ ᠭᠡᠵᠦ ᠰᠠᠨᠠᠭᠤᠯᠵᠤ ᠪᠠᠶᠢᠨ᠎ᠠ᠃ | |