ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠤᠭᠤᠷᠢᠨ ᠪᠠᠶᠢᠴᠠᠭᠠᠵᠤ ︽ᠡᠷᠬᠢᠨ ᠬᠠᠷᠠᠵᠤ︾ ᠴᠡᠭᠴᠡᠯᠡᠨ ᠰᠠᠶᠢᠵᠢᠷᠠᠭᠤᠯᠬᠤ ᠲᠠᠶᠢᠴᠢᠯᠠᠯᠳᠠ ᠪᠠᠶᠢᠷᠢᠯᠠᠭᠤᠯᠤᠯᠳᠠ ᠶᠢᠨ ᠬᠤᠷᠠᠯ ᠬᠢᠪᠡ
ᠨᠡᠶᠢᠲᠡᠯᠡᠭᠰᠡᠨ ᠴᠠᠭ᠄
2017-06-19
     6 ᠳ᠋ᠤᠭᠠᠷ ᠰᠠᠷ᠎ᠠ ᠶᠢᠨ 16 ᠤ ᠦᠳᠡ ᠶᠢᠨ ᠬᠤᠶᠢᠨ᠎ᠠ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠤᠭᠤᠷᠢᠨ ᠪᠠᠶᠢᠴᠠᠭᠠᠵᠤ ︽ᠡᠷᠬᠢᠨ ᠬᠠᠷᠠᠵᠤ︾ ᠴᠡᠭᠴᠡᠯᠡᠨ ᠰᠠᠶᠢᠵᠢᠷᠠᠭᠤᠯᠬᠤ ᠲᠠᠶᠢᠴᠢᠯᠠᠯᠳᠠ ᠪᠠᠶᠢᠷᠢᠯᠠᠭᠤᠯᠤᠯᠳᠠ ᠶᠢᠨ ᠬᠤᠷᠠᠯ ᠬᠦᠬᠡᠬᠤᠳᠠ ᠳᠤ ᠬᠤᠷᠠᠯᠳᠤᠪᠠ᠃ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠾᠧᠩ ᠬᠤᠷᠠᠯ ᠳᠤ ᠤᠷᠤᠯᠴᠠᠨ ᠶᠠᠷᠢᠶ᠎ᠠ ᠲᠠᠯᠪᠢᠵᠦ᠂ ᠲᠤᠭᠤᠷᠢᠨ ᠪᠠᠶᠢᠴᠠᠭᠠᠬᠤ ᠠᠵᠢᠯ ᠤᠨ ᠲᠤᠬᠠᠢ ᠶᠡᠷᠦᠩᠭᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠲᠤᠤᠱᠯᠠᠭᠤᠯᠵᠦ᠂ ᠤᠯᠤᠰ ᠲᠦᠷᠦ ᠶᠢᠨ ᠲᠤᠭᠤᠷᠢᠨ ᠪᠠᠶᠢᠴᠠᠭᠠᠯᠳᠠ ᠶᠢᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠦ᠂ ᠴᠡᠭᠴᠡᠯᠡᠨ ᠰᠠᠶᠢᠵᠢᠷᠠᠭᠤᠯᠬᠤ ᠡᠬᠦᠷᠭᠡ ᠶᠢ ᠡᠷᠡᠰ ᠪᠡᠶᠡᠯᠡᠬᠦᠯᠵᠦ᠂ ᠲᠤᠭᠤᠷᠢᠨ ᠪᠠᠶᠢᠴᠠᠭᠠᠯᠳᠠ ᠶᠢᠨ ᠦᠷ᠎ᠠ ᠪᠦᠳᠦᠭᠡᠯ ᠢ ᠠᠰᠢᠬᠯᠠᠭᠰᠠᠨ ᠪᠠ ᠴᠡᠭᠴᠡᠯᠡᠨ ᠰᠠᠶᠢᠵᠢᠷᠠᠭᠤᠯᠤᠭᠰᠠᠨ ᠪᠤᠳᠠᠳᠤ ᠦᠷ᠎ᠠ ᠪᠦᠳᠦᠮᠵᠢ ᠪᠠᠷ ᠢᠶᠠᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠠᠮᠵᠢᠯᠳᠠ ᠲᠠᠢ ᠬᠤᠷᠠᠯᠳᠤᠬᠤ ᠶᠢ ᠤᠭᠳᠤᠵᠦ᠂ ᠦᠪᠡᠷᠲᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠬᠦ ᠭᠡᠷᠡᠭᠲᠡᠢ ᠭᠡᠵᠦ ᠴᠢᠬᠤᠯᠠᠴᠢᠯᠠᠪᠠ᠃      ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠦᠪᠡᠷᠲᠡᠭᠡᠨ ᠵᠠᠰᠠᠬᠤ ᠤᠷᠤᠨ ᠤ ᠲᠡᠷᠢᠬᠦᠯᠡᠭᠴᠢ ᠪᠦ᠋ ᠰᠢᠶᠤᠤ ᠯᠢᠨ ᠬᠤᠷᠠᠯ ᠢ ᠡᠷᠬᠢᠯᠡᠪᠡ᠃ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠯᠢ ᠵᠢᠶᠠ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠴᠡᠭᠴᠡᠯᠡᠨ ᠰᠠᠶᠢᠵᠢᠷᠠᠭᠤᠯᠬᠤ ᠲᠦᠰᠦᠯ ᠢ ᠨᠤᠤᠷᠠᠬᠯᠠᠭᠰᠠᠨ ᠪᠠᠶᠢᠳᠠᠯ ᠪᠠ ᠭᠤᠤᠯ ᠠᠭᠤᠯᠭ᠎ᠠ ᠶᠢ ᠮᠡᠳᠡᠭᠳᠡᠪᠡ᠃ ᠦᠪᠡᠷᠲᠡᠭᠡᠨ ᠵᠠᠰᠠᠬᠤ ᠤᠷᠤᠨ ᠤ ᠬᠤᠯᠪᠤᠭᠳᠠᠯ ᠪᠦᠬᠦᠢ ᠤᠳᠤᠷᠢᠳᠤᠯᠭ᠎ᠠ ᠬᠤᠷᠠᠯ ᠳᠤ ᠤᠷᠤᠯᠴᠠᠵᠠᠢ᠃      ᠯᠢ ᠵᠢᠢ ᠾᠧᠩ ᠶᠠᠷᠢᠶᠠᠨ ᠳᠠᠭᠠᠨ᠂ ᠲᠦᠪ ᠤᠨ ᠬᠤᠶᠠᠳᠤᠭᠠᠷ ᠲᠤᠭᠤᠷᠢᠨ ᠪᠠᠶᠢᠴᠠᠭᠠᠬᠤ ᠲᠤᠭᠤᠶᠢᠯᠠᠩ ᠤᠨ ᠮᠠᠨ ᠤ ᠤᠷᠤᠨ ᠳᠤ ᠲᠤᠭᠤᠷᠢᠨ ᠪᠠᠶᠢᠴᠠᠭᠠᠵᠤ ︽ᠡᠷᠬᠢᠨ ᠬᠠᠷᠠᠬᠤ︾ ᠠᠵᠢᠯᠯᠠᠭ᠎ᠠ ᠦᠷᠨᠢᠬᠦᠯᠦᠭᠰᠡᠨ ᠨᠢ ᠪᠦᠬᠦ ᠤᠷᠤᠨ ᠤ ᠦᠷᠭᠡᠨ ᠤᠯᠠᠨ ᠨᠠᠮ ᠤᠨ ᠭᠡᠰᠢᠬᠦᠨ ᠺᠠᠳ᠋ᠷ ᠲᠤ ᠬᠢᠭᠰᠡᠨ ᠨᠢᠭᠡ ᠤᠳᠠᠭᠠᠨ ᠤ ᠤᠯᠤᠰ ᠲᠦᠷᠦ ᠶᠢᠨ ᠪᠡᠶ᠎ᠠ ᠶᠢᠨ ᠪᠠᠶᠢᠴᠠᠭᠠᠯᠳᠠ ᠮᠦᠨ᠂ ᠲᠤᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠶᠤᠰᠤᠭᠠᠷ ᠴᠡᠭᠴᠡᠯᠡᠨ ᠰᠠᠶᠢᠵᠢᠷᠠᠭᠤᠯᠤᠯᠳᠠ ᠶᠢ ᠨᠠᠶᠢᠳᠠᠪᠤᠷᠢᠵᠢᠭᠤᠯᠬᠤ ᠠᠵᠢᠯ ᠢ ᠰᠠᠶᠢᠳᠤᠷ ᠠᠳᠬᠤᠬᠤ ᠪᠤᠯ ︽ᠲᠦᠷᠪᠡᠨ ᠤᠬᠠᠮᠰᠠᠷ︾ ᠢ ᠪᠠᠳᠤ ᠪᠤᠢ ᠪᠤᠯᠭᠠᠬᠤ᠂ ᠶᠡᠷᠦᠩᠭᠡᠢ ᠱᠦᠵᠢ ᠰᠢ ᠶᠢᠨ ᠫᠢᠩ ᠤᠨ ᠭᠤᠤᠯᠯᠠᠬᠴᠢ ᠶᠢᠨ ᠪᠠᠶᠢᠷᠢ ᠰᠠᠭᠤᠷᠢ ᠪᠠ ᠨᠠᠮ ᠤᠨ ᠲᠦᠪ ᠬᠤᠷᠢᠶ᠎ᠠ ᠶᠢᠨ ᠡᠷᠭᠡ ᠰᠦᠷ ᠢ ᠬᠠᠮᠠᠭᠠᠯᠠᠬᠤ ᠶᠢᠨ ᠴᠢᠬᠤᠯᠠ ᠢᠯᠡᠷᠡᠯ ᠮᠦᠨ᠂ ᠨᠠᠮ ᠢ ᠬᠠᠮᠢᠶᠠᠷᠬᠤ ᠨᠠᠮ ᠢ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠴᠢᠮᠵᠢᠬᠦᠯᠬᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠬᠦᠨ ᠳᠠᠪᠬᠤᠷᠭ᠎ᠠ ᠲᠡᠰᠢ ᠬᠦᠭᠵᠢᠬᠦᠯᠬᠦ ᠶᠢ ᠠᠬᠢᠭᠤᠯᠬᠤ ᠴᠢᠬᠤᠯᠠ ᠠᠵᠠ ᠲᠤᠬᠢᠶᠠᠯ ᠮᠦᠨ᠂ ᠥᠪᠦᠷ ᠮᠤᠩᠭᠤᠯ ᠤᠨ ᠬᠦᠭᠵᠢᠯᠳᠠ ᠶᠢᠨ ᠲᠤᠬᠠᠢ ᠨᠠᠮ ᠤᠨ ᠲᠦᠪ ᠬᠤᠷᠢᠶ᠎ᠠ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢ ᠲᠤᠭᠳᠠᠭᠠᠯᠳᠠ ᠶᠢ ᠨᠠᠶᠢᠳᠠᠪᠤᠷᠢᠵᠢᠭᠤᠯᠵᠦ᠂ ᠡᠭᠡ ᠤᠯᠤᠰ ᠤᠨ ᠤᠮᠠᠷᠠᠳᠦ ᠶᠢᠨ ᠦᠵᠡᠰᠬᠦᠯᠡᠩᠳᠦ ᠰᠠᠶᠢᠬᠠᠨ ᠦᠵᠡᠮᠵᠢ ᠶᠢᠨ ᠤᠷᠤᠨ ᠢ ᠴᠤᠭᠴᠠᠯᠠᠬᠤ ᠴᠢᠬᠤᠯᠠ ᠬᠦᠳᠡᠯᠭᠡᠬᠦ ᠬᠦᠴᠦᠨ ᠮᠦᠨ᠃ ᠡᠯ᠎ᠠ ᠱᠠᠳᠤ ᠡᠯ᠎ᠠ ᠰᠠᠯᠠᠭ᠎ᠠ ᠮᠦᠴᠢᠷ ᠤᠨ ᠬᠢᠨ ᠤᠯᠤᠰ ᠲᠦᠷᠦ ᠶᠢᠨ ᠵᠤᠭᠰᠤᠴᠠ ᠪᠠ ᠤᠯᠤᠰ ᠲᠦᠷᠦ ᠶᠢᠨ ᠤᠬᠠᠮᠰᠠᠷ ᠢᠶᠠᠨ ᠳᠡᠭᠡᠭᠰᠢᠯᠡᠬᠦᠯᠵᠦ᠂ ᠲᠤᠭᠤᠷᠢᠨ ᠪᠠᠶᠢᠴᠠᠭᠠᠵᠤ ᠬᠠᠷᠢᠭᠤ ᠲᠤᠰᠬᠠᠬᠰᠠᠨ ᠰᠠᠨᠠᠯ ᠳᠤ ᠵᠢᠭᠠᠵᠦ ᠭᠠᠷᠭᠠᠭᠰᠠᠨ ᠴᠢᠬᠤᠯᠠ ᠠᠰᠠᠭᠤᠳᠠᠯ ᠪᠠ ᠲᠤᠷᠠᠳᠤᠭᠰᠠᠨ ᠰᠠᠨᠠᠯ ᠰᠠᠨᠠᠭᠤᠯᠭ᠎ᠠ ᠶᠢᠨ ᠲᠤᠭᠤᠷᠢᠨ ᠳᠤ᠂ ᠠᠯᠳᠠᠭ᠎ᠠ ᠪᠤᠷᠤᠭᠤ ᠭᠡᠯᠪᠡᠷᠢᠯ ᠤᠨ ᠠᠰᠠᠭᠤᠳᠠᠯ ᠢ ᠨᠢᠭᠡ ᠨᠢᠭᠡ ᠪᠠᠷ ᠵᠠᠯᠠᠷᠠᠭᠤᠯᠵᠦ᠂ ᠨᠠᠷᠢᠨ ᠨᠢᠮᠪᠠᠢ ᠠᠳᠬᠤᠨ ᠡᠴᠦᠰ ᠲᠤᠨᠢ ᠳᠤᠯᠳᠠᠯ᠎ᠠ ᠠᠳᠬᠤᠵᠦ᠂ ᠴᠡᠭᠴᠡᠯᠡᠨ ᠰᠠᠶᠢᠵᠢᠷᠠᠭᠤᠯᠤᠯᠳᠠ ᠶᠢ ᠨᠠᠶᠢᠳᠠᠪᠤᠷᠢᠵᠢᠭᠤᠯᠬᠤ ᠠᠵᠢᠯ ᠢ ᠡᠷᠡᠰ ᠰᠠᠶᠢᠳᠤᠷ ᠠᠳᠬᠤᠬᠤ ᠭᠡᠷᠡᠭᠲᠡᠢ᠃ ᠨᠠᠮ ᠤᠨ ᠤᠳᠤᠷᠢᠳᠤᠯᠭ᠎ᠠ ᠶᠢ ᠦᠨᠡᠨᠬᠦ ᠴᠢᠩᠭᠠᠳᠬᠠᠨ᠂ ᠦᠵᠡᠯ ᠰᠠᠨᠠᠭᠠᠨ ᠤ ᠲᠠᠯ᠎ᠠ ᠪᠠᠷ ᠤᠯᠤᠰ ᠲᠦᠷᠦ ᠶᠢᠨ ᠲᠠᠯ᠎ᠠ ᠪᠠᠷ ᠦᠢᠯᠡ ᠠᠵᠢᠯᠯᠠᠭ᠎ᠠ ᠶᠢᠨ ᠲᠠᠯ᠎ᠠ ᠪᠠᠷ ᠢᠮᠠᠭᠳᠠ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠠ ᠲᠠᠢ ᠳᠡᠭᠡᠳᠦ ᠭᠡᠮᠵᠢᠶ᠎ᠡ ᠪᠠᠷ ᠨᠢᠭᠡᠳᠦᠯᠳᠠᠢ ᠪᠠᠶᠢᠬᠤ ᠭᠡᠷᠡᠭᠲᠡᠢ︔ ᠨᠠᠮ ᠢ ᠴᠢᠩᠭ᠎ᠠ ᠬᠠᠮᠢᠶᠠᠷᠴᠦ ᠴᠢᠩᠭ᠎ᠠ ᠵᠠᠰᠠᠬᠤ ᠪᠠᠶᠢᠷᠢᠯᠠᠭᠤᠯᠤᠯᠳᠠ ᠶᠢᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠵᠦ᠂ ᠨᠠᠮ ᠤᠨ ᠪᠠᠶᠢᠭᠤᠯᠤᠯᠳᠠ ᠶᠢᠨ ᠰᠢᠨᠵᠢᠯᠡᠬᠦ ᠤᠬᠠᠭᠠᠨᠴᠢᠯᠠᠭᠰᠠᠨ ᠲᠦᠪᠰᠢᠨ ᠢ ᠳᠠᠰᠤᠷᠠᠯᠳᠠ ᠦᠭᠡᠢ ᠳᠡᠭᠡᠭᠰᠢᠯᠡᠬᠦᠯᠬᠦ ᠭᠡᠷᠡᠭᠲᠡᠢ︔ ᠬᠦᠮᠦᠨ ᠰᠤᠩᠭᠤᠵᠦ ᠬᠦᠮᠦᠨ ᠭᠡᠷᠡᠭᠯᠡᠬᠦ ᠵᠦᠪ ᠤᠳᠤᠷᠢᠳᠤᠮᠵᠢ ᠶᠢ ᠪᠠᠳᠤ ᠪᠤᠢ ᠪᠤᠯᠭᠠᠵᠦ᠂ ᠺᠠᠳ᠋ᠷ ᠢ ᠰᠤᠩᠭᠤᠨ ᠲᠡᠪᠰᠢᠬᠦᠯᠵᠦ ᠭᠡᠷᠡᠭᠯᠡᠬᠦ ᠪᠠ ᠬᠢᠨᠠᠨ ᠬᠠᠮᠢᠶᠠᠷᠬᠤ ᠠᠵᠢᠯ ᠢ ᠴᠢᠩᠭ᠎ᠠ ᠵᠢᠷᠤᠮᠵᠢᠭᠤᠯᠬᠤ ᠭᠡᠷᠡᠭᠲᠡᠢ︔ ᠨᠠᠮ ᠤᠨ ᠰᠤᠷᠳᠠᠯ ᠴᠢᠭᠡᠴᠢ ᠵᠠᠰᠠᠭ ᠤᠨ ᠪᠠᠶᠢᠭᠤᠯᠤᠯᠳᠠ ᠪᠠ ᠢᠯᠵᠢᠷᠡᠯ ᠢ ᠡᠰᠡᠷᠬᠦᠴᠡᠬᠦ ᠲᠡᠮᠡᠴᠡᠯ ᠢ ᠬᠦᠨᠵᠡᠭᠡᠢ ᠠᠬᠢᠭᠤᠯᠵᠦ᠂ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠢ ᠪᠠ ᠵᠠᠰᠠᠭ ᠤᠨ ᠶᠠᠪᠤᠳᠠᠯ ᠢ ᠡᠷᠬᠢᠯᠡᠬᠦ ᠤᠷᠴᠢᠨ ᠲᠤᠭᠤᠷᠢᠨ ᠢ ᠬᠦᠴᠦᠯᠡᠨ ᠪᠤᠢ ᠪᠤᠯᠭᠠᠬᠤ ᠭᠡᠷᠡᠭᠲᠡᠢ ᠭᠡᠵᠦ ᠵᠢᠭᠠᠵᠦ ᠭᠠᠷᠭᠠᠪᠠ᠃      ᠯᠢ ᠵᠢᠢ ᠾᠧᠩ᠂ ᠲᠤᠭᠤᠷᠢᠨ ᠪᠠᠶᠢᠴᠠᠭᠠᠯᠳᠠ ᠪᠤᠯ ᠤᠯᠤᠰ ᠲᠦᠷᠦ ᠶᠢᠨ  ᠪᠡᠶ᠎ᠡ ᠶᠢᠨ ᠪᠠᠶᠢᠴᠠᠭᠠᠯᠳᠠ᠂ ᠴᠡᠭᠴᠡᠯᠡᠨ ᠰᠠᠶᠢᠵᠢᠷᠠᠭᠤᠯᠬᠤ ᠪᠤᠯ ᠤᠯᠤᠰ ᠲᠦᠷᠦ ᠶᠢᠨ ᠡᠬᠦᠷᠭᠡ ᠮᠦᠨ᠃ ᠦᠪᠡᠷᠲᠡᠭᠡᠨ ᠵᠠᠰᠠᠬᠤ ᠤᠷᠤᠨ ᠤ ᠨᠠᠮ  ᠤᠨ ᠬᠤᠷᠢᠶ᠎ᠠ ᠠᠴᠠ ᠲᠦᠷᠦᠬᠦᠯᠡᠨ ᠬᠢᠵᠦ᠂ ᠡᠯ᠎ᠠ ᠱᠠᠳᠤ ᠡᠯ᠎ᠠ ᠰᠠᠯᠠᠭ᠎ᠠ ᠮᠦᠴᠢᠷ ᠤᠨ ᠨᠠᠮ ᠤᠨ ᠬᠤᠷᠢᠶ᠎ᠠ ︵ᠨᠠᠮ  ᠤᠨ ᠤᠳᠤᠷᠢᠳᠬᠤ ᠲᠤᠭᠤᠶᠢᠯᠠᠩ︶ ᠶᠢᠨ ᠬᠢᠨ ᠴᠦᠮ ᠬᠠᠷᠢᠭᠤᠴᠠᠯᠭ᠎ᠠ ᠡᠬᠦᠷᠭᠡᠯᠡᠬᠦ ᠪᠠᠨ ᠴᠢᠩᠭᠠᠳᠬᠠᠵᠦ᠂ ᠭᠤᠤᠯ ᠬᠠᠷᠢᠭᠤᠴᠠᠯᠭᠠᠳᠠᠨ ᠨᠦᠬᠦᠳ ᠴᠦᠮ ᠰᠠᠨᠠᠭᠠᠴᠢᠯᠠᠭ᠎ᠠ ᠠᠴᠠ ᠪᠠᠨ ᠨᠢᠭᠡᠳᠦᠭᠡᠷ ᠬᠠᠷᠢᠭᠤᠴᠠᠯᠭ᠎ᠠ ᠶᠢ ᠡᠬᠦᠷᠭᠡᠯᠡᠵᠦ᠂ ᠲᠡᠰ ᠲᠡᠰ ᠢᠶᠠᠷ ᠠᠳᠬᠤᠨ ᠱᠠᠳᠤ ᠱᠠᠳᠤ ᠪᠠᠷ ᠨᠠᠶᠢᠳᠠᠪᠤᠷᠢᠵᠢᠭᠤᠯᠵᠦ᠂ ᠲᠤᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠶᠤᠰᠤᠭᠠᠷ ᠵᠤᠷᠪᠤᠰ ᠵᠤᠷᠪᠤᠰ ᠢᠶᠠᠷ ᠴᠡᠭᠴᠡᠯᠡᠨ ᠰᠠᠶᠢᠵᠢᠷᠠᠭᠤᠯᠵᠦ᠂ ᠵᠤᠷᠪᠤᠰ ᠵᠤᠷᠪᠤᠰ ᠢᠶᠠᠷ ᠨᠠᠶᠢᠳᠠᠪᠤᠷᠢᠵᠢᠭᠤᠯᠬᠤ ᠶᠢ ᠪᠠᠳᠤᠯᠠᠬᠤ ᠭᠡᠷᠡᠭᠲᠡᠢ᠃ ᠴᠡᠭᠴᠡᠯᠡᠨ ᠰᠠᠶᠢᠵᠢᠷᠠᠭᠤᠯᠬᠤ ᠠᠵᠢᠯ ᠤᠨ ᠲᠠᠯ᠎ᠠ ᠪᠠᠷ ᠬᠢ ᠬᠢᠨᠠᠨ ᠪᠠᠶᠢᠴᠠᠭᠠᠯᠳᠠ ᠶᠢ ᠴᠢᠩᠭᠠᠳᠬᠠᠵᠦ᠂ ᠬᠠᠰᠢ ᠶᠠᠰᠢ ᠪᠠᠷ ᠴᠡᠭᠴᠡᠯᠡᠨ ᠰᠠᠶᠢᠵᠢᠷᠠᠭᠤᠯᠬᠤ᠂ ᠬᠠᠷᠢᠭᠤᠴᠠᠯᠭ᠎ᠠ ᠡᠬᠦᠷᠭᠡᠯᠡᠬᠦ ᠦᠭᠡᠢ᠂ ᠴᠡᠭᠴᠡᠯᠡᠨ ᠰᠠᠶᠢᠵᠢᠷᠠᠭᠤᠯᠤᠯᠳᠠ ᠶᠢ ᠨᠠᠶᠢᠳᠠᠪᠤᠷᠢᠵᠢᠭᠤᠯᠤᠬᠰᠠᠨ ᠢᠶᠠᠷ ᠠᠨᠠᠢ ᠬᠦᠮᠦᠰ ᠲᠤ ᠲᠦᠪ ᠴᠢᠩᠭ᠎ᠠ ᠪᠠᠷ ᠬᠠᠷᠢᠭᠤᠴᠠᠯᠭ᠎ᠠ ᠲᠤᠯᠭᠠᠬᠤ ᠭᠡᠷᠡᠭᠲᠡᠢ᠃ ᠴᠡᠭᠴᠡᠯᠡᠨ ᠰᠠᠶᠢᠵᠢᠷᠠᠭᠤᠯᠬᠤ ᠪᠠᠷ ᠳᠠᠮᠵᠢᠭᠤᠯᠤᠨ ᠬᠦᠴᠢᠷ ᠠᠰᠠᠭᠤᠳᠠᠯ ᠢ ᠰᠢᠢᠳᠪᠤᠷᠢᠯᠡᠵᠦ᠂ ᠬᠦᠳᠡᠯᠭᠡᠬᠦ ᠬᠦᠴᠦᠨ ᠨᠡᠮᠡᠷᠢᠯᠡᠵᠦ᠂ ᠠᠮᠢᠵᠢᠷᠠᠯ ᠤᠨ ᠬᠦᠴᠦᠨ ᠢ ᠨᠡᠮᠡᠭᠳᠡᠬᠦᠯᠵᠦ᠂ ᠦᠪᠡᠷᠲᠡᠭᠡᠨ ᠵᠠᠰᠠᠬᠤ ᠤᠷᠤᠨ ᠤ ᠦᠭᠡᠷᠡᠴᠢᠯᠡᠯᠳᠠ ᠬᠦᠭᠵᠢᠯᠳᠠ ᠲᠤᠭᠳᠠᠭᠤᠨ ᠪᠠᠶᠢᠳᠠᠯ ᠪᠠ ᠨᠠᠮ ᠤᠨ ᠪᠠᠶᠢᠭᠤᠯᠤᠯᠳᠠ ᠵᠡᠷᠭᠡ ᠡᠯ᠎ᠠ ᠵᠦᠢᠯ ᠤᠨ ᠦᠢᠯᠡᠰ ᠲᠤ ᠨᠡᠩ ᠶᠡᠭᠡ ᠠᠮᠵᠢᠯᠳᠠ ᠤᠯᠬᠤ ᠶᠢ ᠠᠬᠢᠭᠤᠯᠬᠤ ᠭᠡᠷᠡᠭᠲᠡᠢ ᠭᠡᠵᠦ ᠴᠢᠬᠤᠯᠠᠴᠢᠯᠠᠵᠠᠢ᠃      ᠪᠦ᠋ ᠰᠢᠶᠤᠤ ᠯᠢᠨ᠂ ᠤᠯᠤᠰ ᠲᠦᠷᠦ ᠶᠢᠨ ᠵᠤᠭᠰᠤᠴᠡ ᠪᠠ ᠤᠯᠤᠰ ᠲᠦᠷᠦ ᠶᠢᠨ ᠤᠬᠠᠮᠰᠠᠷ ᠢᠶᠠᠨ ᠳᠡᠭᠡᠭᠰᠢᠯᠡᠬᠦᠯᠤᠨ ︽ᠲᠦᠷᠪᠡᠨ ᠤᠬᠠᠮᠰᠠᠷ︾ ᠢᠶᠠᠨ ᠴᠢᠩᠭᠠᠳᠬᠠᠵᠦ᠂ ᠶᠡᠷᠦᠩᠭᠡᠢ ᠱᠦᠵᠢ ᠰᠢ ᠶᠢᠨ ᠫᠢᠩ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠠ ᠶᠢᠨ ᠰᠢᠢᠳᠪᠤᠷᠢᠳᠦ ᠪᠤᠳᠤᠯᠭ᠎ᠠ ᠪᠠᠶᠢᠷᠢᠯᠠᠭᠤᠯᠤᠯᠳᠠ ᠶᠢ ᠡᠷᠡᠰ ᠲᠤᠤᠱᠯᠠᠭᠤᠯᠵᠦ᠂ ᠴᠡᠭᠴᠡᠯᠡᠨ ᠰᠠᠶᠢᠵᠢᠷᠠᠭᠤᠯᠬᠤ ᠠᠵᠢᠯ ᠢ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠪᠠ ᠴᠢᠬᠤᠯᠠ ᠶᠡᠭᠡ ᠤᠯᠤᠰ ᠲᠦᠷᠦ ᠶᠢᠨ ᠡᠬᠦᠷᠭᠡ ᠪᠠᠨ ᠪᠤᠯᠭᠠᠬᠤ ᠭᠡᠷᠡᠭᠲᠡᠢ᠃ ᠲᠤᠭᠤᠷᠢᠨ ᠪᠠᠶᠢᠴᠠᠭᠠᠯᠳᠠ ᠳᠤ ᠵᠢᠭᠠᠵᠦ ᠭᠠᠷᠭᠠᠭᠰᠠᠨ ᠠᠰᠠᠭᠤᠳᠠᠯ ᠠᠴᠠ ᠵᠠᠶᠢᠯᠠᠰᠬᠢᠬᠤ ᠦᠭᠡᠢ᠂ ᠬᠠᠷᠢᠭᠤᠴᠠᠯᠭ᠎ᠠ ᠪᠠᠨ ᠲᠦᠯᠬᠢᠬᠦ ᠦᠭᠡᠢ᠂ ᠨᠢᠭᠤᠵᠤ ᠳᠠᠯᠳᠠᠯᠠᠬᠤ ᠦᠭᠡᠢ ᠪᠠᠶᠢᠵᠦ᠂ ᠲᠤᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠲᠠᠢ ᠬᠢᠨᠠᠨ ᠬᠠᠷᠭᠤᠭᠤᠯᠵᠦ᠂ ᠨᠢᠭᠡ ᠶᠢ ᠵᠦᠢᠴᠢᠯᠡᠨ ᠨᠦᠬᠦᠭᠡ ᠶᠢ ᠮᠡᠳᠡᠵᠤ᠂ ᠬᠦᠨᠵᠡᠭᠡᠢ ᠰᠡᠳᠬᠢᠨ ᠪᠤᠳᠤᠯᠬᠢᠯᠠᠵᠦ᠂ ᠠᠰᠠᠭᠤᠳᠠᠯ ᠤᠨ ᠦᠨᠳᠦᠰᠦ ᠶᠢ ᠬᠦᠨᠵᠡᠭᠡᠢ ᠠᠭᠤᠳᠠᠯᠵᠦ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠬᠡᠯᠡᠵᠤ᠂ ᠪᠠᠷᠢᠨ ᠭᠡᠷᠡᠭᠵᠢᠬᠦᠯᠵᠦ ᠪᠠᠷᠢᠨ ᠰᠠᠶᠢᠵᠢᠷᠠᠭᠤᠯᠵᠤ᠂ ᠠᠯᠳᠠᠭ᠎ᠠ ᠪᠤᠷᠤᠭᠤ ᠭᠡᠯᠪᠡᠷᠢᠯ ᠤᠨ ᠠᠰᠠᠭᠤᠳᠠᠯ ᠢ ᠨᠢᠭᠡ ᠨᠢᠭᠡ ᠪᠠᠷ ᠵᠠᠯᠠᠷᠠᠭᠤᠯᠵᠤ᠂ ᠪᠦᠬᠦ ᠲᠠᠯ᠎ᠠ ᠪᠠᠷ ᠲᠤᠶᠢᠯᠪᠤᠷᠢᠳᠠᠢ ᠴᠡᠭᠴᠡᠯᠡᠨ ᠰᠠᠶᠢᠵᠢᠷᠠᠭᠤᠯᠬᠤ ᠭᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ  ᠤᠨ ᠰᠣᠨᠢᠨ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号