ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠣᠷᠳᠣᠨ ᠤ 2017 ᠣᠨ ᠤ 9 ᠳ᠋ᠦ᠋ᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2017/6/2
     6 ᠳ᠋ᠤᠭᠠᠷ ᠰᠠᠷ᠎ᠠ ᠶᠢᠨ 1᠎ ᠤ ᠡᠳᠤᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠬᠦᠯᠡᠭᠴᠢ ᠪᠦ᠋ ᠰᠢᠶᠤᠤ ᠯᠢᠨ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠥ᠂ ᠤᠷᠴᠢᠨ ᠲᠤᠭᠤᠷᠢᠨ ᠤ ᠬᠠᠮᠠᠭᠠᠯᠠᠯᠳᠠ ᠶᠢᠨ ᠠᠵᠥ ᠦᠢᠯᠡᠰ ᠢ ᠲᠦᠷᠭᠡᠳᠬᠡᠨ ᠬᠦᠭᠵᠢᠬᠦᠯᠬᠦ ᠲᠤᠬᠠᠢ ᠵᠢᠯᠤᠭᠤᠳᠬᠤ ᠰᠠᠨᠠᠯ᠂ ᠦᠪᠤᠷ ᠮᠤᠩᠭᠤᠯ ᠎ ᠤᠨ ᠦᠪᠡᠷᠳᠡᠭᠡᠨ ᠵᠠᠰᠠᠬᠤ ᠤᠷᠤᠨ ᠤ ᠪᠤᠬᠢᠷᠳᠤᠯ ᠡᠳ᠋ ᠭᠠᠳᠠᠬᠰᠢᠯᠠᠭᠤᠯᠬᠤ ᠶᠢ ᠬᠢᠵᠠᠭᠠᠷᠯᠠᠬᠤ ᠵᠦᠪᠰᠢᠶᠡᠷᠡᠯ ᠤᠨ ᠦᠨᠡᠮᠯᠡᠯ ᠢ ᠬᠡᠷᠡᠭᠵᠢᠬᠦᠯᠬᠦ ᠲᠦᠰᠦᠯ ᠪᠤᠯᠤᠨ ᠮᠠᠯᠵᠢᠬᠤ ᠲᠠᠷᠢᠶᠠᠯᠠᠬᠤ ᠤᠷᠤᠨ ᠤ ᠤᠷᠤᠰᠢᠨ ᠰᠠᠭᠤᠬᠤ ᠤᠷᠴᠢᠨ ᠲᠤᠭᠤᠷᠢᠨ ᠢ ᠵᠠᠰᠠᠬᠤ ᠤᠷᠳᠤ ᠬᠤᠭᠤᠴᠠᠭᠠᠨ ᠤ ᠪᠦᠳᠦᠮᠵᠢᠳᠡᠢ ᠲᠤᠭᠳᠠᠴᠠ ᠶᠢ ᠪᠠᠶᠢᠭᠤᠯᠬᠤ ᠲᠤᠬᠠᠢ ᠵᠢᠯᠤᠭᠤᠳᠬᠤ ᠰᠠᠨᠠᠯ ᠵᠡᠷᠬᠡ ᠶᠢ ᠰᠤᠳᠤᠯᠪᠠ᠃      ᠬᠤᠷᠠᠯ ᠠᠴᠠ᠂ ᠤᠷᠴᠢᠨ ᠲᠤᠭᠤᠷᠢᠨ ᠤ ᠬᠠᠮᠠᠭᠠᠯᠠᠯᠳᠠ ᠶᠢᠨ ᠠᠵᠥ ᠦᠢᠯᠡᠰ ᠢ ᠬᠦᠭᠵᠢᠬᠦᠯᠬᠦ ᠪᠤᠯ ᠠᠮᠢ ᠠᠬᠤᠢ ᠶᠢᠨ ᠤᠷᠴᠢᠨ ᠲᠤᠭᠤᠷᠢᠨ ᠢ ᠰᠠᠶᠢᠵᠢᠷᠠᠭᠤᠯᠬᠤ ᠬᠡᠷᠡᠭᠴᠡᠭᠡ ᠮᠥᠨ᠂ ᠬᠠᠩᠭᠠᠯᠭ᠎ᠠ ᠶᠢᠨ ᠲᠠᠯ᠎ᠠ ᠶᠢᠨ ᠪᠦᠳᠦᠴᠡ ᠎ ᠶᠢᠨ ᠴᠢᠨᠠᠷᠳᠠᠢ ᠦᠭᠡᠷᠡᠴᠢᠯᠡᠯᠳᠡ ᠶᠢ ᠠᠬᠢᠭᠤᠯᠬᠤ᠂ ᠰᠢᠨ᠎ᠡ ᠠᠵᠥ ᠦᠢᠯᠡᠰ ᠰᠢᠨ᠎ᠡ ᠡᠵᠡᠩᠨᠡᠯᠳᠡ ᠶᠢᠨ ᠬᠡᠯᠪᠡᠷᠢ ᠶᠢ ᠪᠤᠶᠢᠵᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠃ ᠡᠯ᠎ᠡ ᠭᠠᠵᠠᠷ ᠤᠷᠤᠨ ᠡᠯ᠎ᠡ ᠰᠠᠯᠠᠭ᠎ᠠ ᠮᠦᠴᠢᠷ ᠤᠨ ᠬᠢᠨ ᠪᠤᠬᠢᠷᠳᠤᠯ ᠦᠭᠡᠢ ᠬᠦᠭᠵᠢᠯᠳᠡ ᠶᠢᠨ ᠱᠠᠭᠠᠷᠳᠠᠯᠭ᠎ᠠ ᠶᠤᠰᠤᠭᠠᠷ᠂ ᠤᠷᠴᠢᠨ ᠲᠤᠭᠤᠷᠢᠨ ᠤ ᠬᠠᠮᠠᠭᠠᠯᠠᠯᠳᠠ ᠶᠢᠨ ᠠᠵᠥ ᠦᠢᠯᠡᠰ ᠤᠨ ᠬᠦᠭᠵᠢᠯᠳᠡ ᠶᠢ ᠴᠢᠬᠤᠯᠠᠴᠢᠯᠠᠵᠤ ᠲᠡᠮᠵᠢᠬᠦ ᠲᠦᠷᠦ ᠶᠢᠨ ᠪᠤᠳᠤᠯᠭ᠎ᠠ ᠶᠢᠨ ᠤᠳᠤᠷᠢᠳᠤᠮᠵᠢ ᠶᠢ ᠪᠦᠷᠢᠯᠳᠦᠬᠦᠯᠵᠥ᠂ ᠤᠷᠴᠢᠨ ᠲᠤᠭᠤᠷᠢᠨ ᠤ ᠬᠠᠮᠠᠭᠠᠯᠠᠯᠳᠠ ᠶᠢᠨ ᠠᠵᠥ ᠦᠢᠯᠡᠰ ᠢ ᠬᠦᠭᠵᠢᠬᠦᠯᠬᠦ ᠪᠠᠷ ᠲᠠᠮᠵᠢᠭᠤᠯᠤᠨ ᠠᠵᠥ ᠦᠢᠯᠡᠰ ᠤᠨ ᠲᠡᠰ ᠲᠡᠪᠰᠢᠯᠳᠡ ᠪᠤᠯᠤᠨ ᠬᠦᠭᠵᠢᠯᠳᠡ ᠶᠢᠨ ᠠᠷᠭ᠎ᠠ ᠬᠡᠯᠪᠡᠷᠢ ᠶᠢᠨ ᠬᠤᠪᠢᠷᠠᠯᠳᠡ ᠶᠢ ᠠᠬᠢᠭᠤᠯᠵᠥ᠂ ᠮᠠᠨ ᠤ ᠤᠷᠤᠨ ᠤ ᠠᠵᠥ ᠦᠢᠯᠡᠰ ᠤᠨ ᠬᠦᠭᠵᠢᠯᠳᠡ ᠶᠢᠨ ᠲᠦᠪᠰᠢᠨ ᠪᠤᠯᠤᠨ ᠴᠢᠨᠠᠷ ᠢ ᠦᠨᠡᠨᠬᠦ ᠲᠡᠭᠡᠭᠰᠢᠯᠡᠬᠦᠯᠵᠥ᠂ ᠠᠮᠢ ᠠᠬᠤᠢ ᠶᠢᠨ ᠤᠷᠴᠢᠨ ᠲᠤᠭᠤᠷᠢᠨ ᠦᠷᠬᠦᠯᠵᠢᠯᠡᠨ ᠰᠠᠶᠢᠵᠢᠷᠠᠬᠤ ᠶᠢ ᠠᠬᠢᠭᠤᠯᠬᠤ ᠬᠡᠷᠡᠭᠳᠡᠢ ᠬᠡᠵᠥ ᠦᠵᠡᠪᠡ᠃      ᠬᠤᠷᠠᠯ ᠠᠴᠠ᠂ ᠪᠤᠬᠢᠷᠳᠤᠯ ᠡᠳ᠋ ᠭᠠᠳᠠᠬᠰᠢᠯᠠᠭᠤᠯᠬᠤ ᠶᠢ ᠬᠢᠵᠠᠭᠠᠷᠯᠠᠬᠤ ᠵᠦᠪᠰᠢᠶᠡᠷᠡᠯ ᠤᠨ ᠦᠨᠡᠮᠯᠡᠯ ᠤᠨ ᠲᠦᠷᠢᠮ ᠢ ᠬᠡᠷᠡᠭᠵᠢᠬᠦᠯᠬᠦ ᠪᠤᠯ ᠤᠯᠤᠰ ᠠᠴᠠ ᠲᠤᠭᠳᠠᠮᠠᠯ ᠪᠤᠬᠢᠷᠳᠤᠯ ᠤᠨ ᠡᠬᠢ ᠡᠬᠦᠰᠤᠯ ᠤᠨ ᠤᠷᠴᠢᠨ ᠲᠤᠭᠤᠷᠢᠨ ᠎ ᠤ ᠬᠠᠮᠢᠶᠠᠷᠤᠯᠳᠠ ᠶᠢᠨ ᠲᠦᠷᠢᠮ ᠢ ᠲᠡᠬᠦᠯᠳᠡᠷᠵᠢᠬᠦᠯᠬᠦ ᠴᠢᠬᠤᠯᠠ ᠦᠬᠡᠷᠡᠴᠢᠯᠠᠯᠳᠠ ᠶᠢᠨ ᠠᠷᠭ᠎ᠠ ᠬᠡᠮᠵᠢᠶ᠎ᠠ ᠪᠤᠯᠤᠨ᠎ᠠ᠃ ᠡᠯ᠎ᠠ ᠭᠠᠵᠠᠷ ᠤᠷᠤᠨ ᠪᠤᠯᠤᠨ ᠬᠤᠯᠪᠤᠬᠳᠠᠯ ᠪᠦᠬᠦᠢ ᠰᠠᠯᠠᠭ᠎ᠠ ᠮᠦᠴᠢᠷ ᠤᠨ ᠬᠢᠨ ᠲᠡᠭᠡᠳᠤ ᠬᠡᠮᠵᠢᠶ᠎ᠠ ᠪᠠᠷ ᠴᠢᠬᠤᠯᠠᠴᠢᠯᠠᠵᠤ᠂ ᠲᠦᠷᠤ ᠶᠢᠨ ᠶᠠᠪᠤᠳᠠᠯ ᠤᠨ ᠬᠤᠷᠢᠶ᠎ᠠ ᠶᠢᠨ ᠶᠠᠷᠤᠩᠬᠡᠢ ᠪᠠᠶᠢᠷᠢᠯᠠᠭᠤᠯᠤᠯᠳᠠ ᠪᠠᠷ ᠠᠵᠢᠯ ᠤᠨ ᠵᠢᠯᠤᠭᠤᠳᠤᠯᠭ᠎ᠠ ᠪᠠᠨ ᠴᠢᠩᠭᠠᠳᠬᠠᠵᠤ᠂ ᠴᠠᠬ ᠲᠤᠬᠠᠢ ᠳᠤᠨᠢ ᠮᠦᠷᠳᠠᠨ ᠦᠨᠡᠯᠠᠯᠳᠠ ᠬᠢᠵᠤ ᠱᠠᠭᠠᠷᠳᠠᠨ ᠪᠠᠶᠢᠴᠠᠭᠠᠵᠤ᠂ ᠲᠦᠷᠤ ᠶᠢᠨ ᠪᠤᠳᠤᠯᠭ᠎ᠠ ᠶᠢᠨ ᠲᠠᠶᠢᠯᠤᠮᠵᠢ ᠶᠢ ᠰᠠᠶᠢᠳᠤᠷ ᠬᠢᠵᠤ᠂ ᠨᠡᠶᠢᠬᠡᠮ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠬᠠᠷᠢᠭᠤᠯᠳᠠ ᠦᠭᠴᠤ᠂ ᠤᠯᠤᠰ ᠤᠨ ᠱᠠᠭᠠᠷᠳᠠᠯᠭ᠎ᠠ ᠪᠠᠷ ᠪᠤᠬᠢᠷᠳᠤᠯ ᠡᠳ᠋ ᠭᠠᠳᠠᠭᠰᠢᠯᠠᠭᠤᠯᠬᠤ ᠵᠦᠪᠰᠢᠶᠡᠷᠡᠯ ᠤᠨ ᠦᠨᠡᠮᠯᠠᠯ ᠢ ᠬᠠᠷᠭᠤᠭᠤᠯᠤᠨ ᠲᠠᠷᠬᠠᠭᠠᠬᠤ ᠠᠵᠢᠯ ᠢ ᠬᠦᠢᠴᠡᠳᠬᠡᠵᠤ᠂ ᠵᠠᠰᠠᠬ ᠤᠨ ᠤᠷᠳᠤᠨ ᠠᠴᠠ ᠶᠠᠷᠤᠩᠬᠡᠶᠢᠯᠠᠨ ᠬᠠᠮᠢᠶᠠᠷᠴᠤ ᠡᠵᠡᠮᠳᠡᠵᠤ᠂ ᠠᠵᠤ ᠠᠬᠤᠶᠢᠯᠠᠯ ᠦᠨᠡᠮᠯᠠᠯ ᠶᠤᠰᠤᠭᠠᠷ ᠬᠠᠤᠯᠢ ᠶᠢ ᠵᠢᠷᠤᠮᠯᠠᠵᠤ᠂ ᠨᠡᠶᠢᠬᠡᠮ ᠨᠡᠶᠢᠳᠡ ᠪᠠᠷ ᠬᠢᠨᠠᠯᠳᠠ ᠲᠠᠯᠪᠢᠬᠤ ᠰᠠᠶᠢᠨ ᠰᠠᠶᠢᠬᠠᠨ ᠤᠷᠴᠢᠨ ᠪᠠᠶᠢᠳᠠᠯ ᠢ ᠪᠤᠢ ᠪᠤᠯᠭᠠᠬᠤ ᠭᠡᠷᠡᠭᠳᠠᠢ ᠬᠡᠵᠥ ᠴᠢᠬᠤᠯᠠᠴᠢᠯᠠᠪᠠ᠃      ᠬᠤᠷᠠᠯ ᠠᠴᠠ᠂ ᠮᠠᠯᠵᠢᠬᠤ ᠲᠠᠷᠢᠶᠠᠯᠠᠬᠤ ᠤᠷᠤᠨ ᠤ ᠤᠷᠤᠰᠢᠨ ᠰᠠᠭᠤᠬᠤ ᠤᠷᠴᠢᠨ ᠲᠤᠭᠤᠷᠢᠨ ᠤ ᠵᠠᠰᠠᠯᠳᠠ ᠎ ᠶᠢ ᠴᠢᠩᠭᠠᠳᠬᠠᠬᠤ ᠶᠠᠪᠤᠳᠠᠯ ᠪᠤᠯ ᠮᠠᠯᠴᠢᠨ ᠲᠠᠷᠢᠶᠠᠴᠢᠨ ᠤ ᠠᠮᠢᠳᠤᠷᠠᠯ ᠤᠨ ᠴᠢᠨᠠᠷ ᠴᠢᠨᠰᠠᠭ᠎ᠠ ᠶᠢ ᠰᠠᠶᠢᠵᠢᠷᠠᠭᠤᠯᠬᠤ ᠲᠠᠢ ᠰᠢᠭᠤᠳ ᠬᠤᠯᠪᠤᠭᠳᠠᠵᠥ᠂ ᠮᠠᠯᠵᠢᠬᠤ ᠲᠠᠷᠢᠶᠠᠯᠠᠬᠤ ᠤᠷᠤᠨ ᠤ ᠪᠤᠯᠪᠠᠰᠤᠨ ᠤ ᠲᠦᠪᠰᠢᠨ ᠢ ᠲᠡᠭᠡᠭᠰᠢᠯᠡᠬᠦᠯᠬᠦ ᠲᠠᠢ ᠬᠤᠯᠪᠤᠬᠳᠠᠵᠤ ᠪᠠᠶᠢᠨ᠎ᠠ᠃ ᠡᠯ᠎ᠠ ᠭᠠᠵᠠᠷ ᠤᠷᠤᠨ ᠪᠤᠯᠤᠨ ᠬᠤᠯᠪᠤᠬᠳᠠᠯ ᠪᠦᠬᠦᠢ ᠰᠠᠯᠠᠭ᠎ᠠ ᠮᠦᠴᠢᠷ ᠤᠨ ᠬᠢᠨ ᠤᠯᠤᠰ ᠲᠦᠷᠤ ᠶᠢᠨ ᠦᠨᠳᠦᠷᠴᠡ ᠪᠤᠯᠤᠨ ᠠᠷᠠᠳ ᠤᠨ ᠠᠮᠢᠳᠤᠷᠠᠯ ᠢ ᠪᠠᠳᠤᠯᠠᠬᠤ ᠦᠨᠳᠦᠷᠴᠡ ᠠᠴᠠ ᠤᠳᠤᠷᠢᠳᠤᠯᠭ᠎ᠠ ᠪᠠᠨ ᠴᠢᠩᠭᠠᠳᠬᠠᠵᠤ᠂ ᠨᠢᠬᠡᠳᠤᠯᠳᠠᠢ ᠲᠦᠯᠤᠪᠵᠢᠬᠦᠯᠵᠤ᠂ ᠶᠠᠷᠤᠩᠬᠡᠶᠢᠯᠡᠭᠰᠡᠨ ᠠᠷᠭ᠎ᠠ ᠬᠡᠮᠵᠢᠶ᠎ᠡ ᠶᠢ ᠭᠡᠷᠡᠭᠵᠢᠬᠦᠯᠵᠤ᠂ ᠵᠠᠰᠠᠬ ᠤᠨ ᠤᠷᠳᠤᠨ ᠠᠴᠠ ᠠᠬᠢᠭᠤᠯᠬᠤ᠂ ᠤᠯᠠᠨ ᠲᠦᠮᠡᠨ ᠭᠤᠤᠯ ᠴᠤᠬᠴᠠ ᠪᠤᠯᠬᠤ᠂ ᠤᠯᠠᠨ ᠡᠰᠢᠵᠢᠯ ᠢᠶᠠᠷ ᠪᠡᠯᠡ ᠤᠷᠤᠭᠤᠯᠬᠤ᠂ ᠤᠷᠳᠤ ᠬᠤᠭᠤᠴᠠᠭ᠎ᠠ ᠪᠠᠷ ᠬᠠᠮᠢᠶᠠᠷᠬᠤ᠂ ᠨᠡᠶᠢᠬᠡᠮ ᠢᠶᠠᠷ ᠢᠶᠠᠨ ᠤᠷᠤᠯᠴᠠᠬᠤ᠂ ᠰᠠᠯᠠᠭ᠎ᠠ ᠮᠦᠴᠢᠷ ᠵᠤᠬᠢᠴᠠᠭᠤᠯᠬᠤ ᠮᠠᠯᠵᠢᠬᠤ ᠲᠠᠷᠢᠶᠠᠯᠠᠬᠤ ᠤᠷᠤᠨ ᠤ ᠤᠷᠤᠰᠢᠨ ᠰᠠᠭᠤᠬᠤ ᠤᠷᠴᠢᠨ ᠲᠤᠭᠤᠷᠢᠨ ᠢ ᠵᠠᠰᠠᠬᠤ ᠤᠷᠳᠤ ᠬᠤᠭᠤᠴᠠᠭᠠᠨ ᠤ ᠪᠦᠳᠦᠮᠵᠢᠳᠠᠢ ᠲᠤᠭᠳᠠᠴᠠ ᠶᠢ ᠲᠠᠷᠤᠢ ᠲᠦᠷᠭᠡᠨ ᠪᠠᠶᠢᠭᠤᠯᠬᠤ ᠬᠡᠷᠡᠭᠳᠠᠢ ᠭᠡᠵᠠᠢ᠃      ᠬᠤᠷᠠᠯ ᠠᠴᠠ ᠪᠠᠰᠠ ᠪᠤᠰᠤᠳ ᠵᠤᠶᠢᠯ ᠢ ᠰᠤᠳᠤᠯᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号