ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠡᠭᠯᠡᠬᠦ ᠠᠵᠢᠯᠯᠠᠭ᠎ᠠ ᠶᠢᠨ ᠰᠦᠯᠳᠡ ᠲᠡᠮᠳᠡᠭ ᠢ ᠨᠡᠶᠢᠲᠡᠯᠡᠪᠡ
ᠨᠡᠶᠢᠲᠡᠯᠡᠭᠰᠡᠨ ᠴᠠᠭ᠄
2017/6/2
     ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠡᠭᠯᠡᠬᠦ ᠠᠵᠢᠯᠯᠠᠭ᠎ᠠ ᠶᠢᠨ ᠰᠦᠯᠳᠡ ᠲᠡᠮᠳᠡᠭ ᠢ ᠬᠡᠷᠡᠭᠯᠡᠬᠦ ᠲᠤᠬᠠᠢ ᠠᠯᠪᠠᠨ ᠵᠠᠷᠯᠠᠯ      ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠬᠡᠯᠡᠬᠦ ᠠᠵᠢᠯᠯᠠᠭ᠎ᠠ ᠶᠢᠨ ᠰᠦᠯᠳᠡ ᠲᠡᠮᠳᠡᠭ ᠢ ᠦᠪᠡᠷᠳᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠬᠡᠯᠡᠬᠦ ᠠᠵᠢᠯᠯᠠᠭ᠎ᠠ ᠶᠢᠨ ᠪᠡᠯᠡᠳᠬᠡᠯ ᠠᠵᠢᠯ ᠤᠨ ᠺᠤᠮᠢᠰ ᠨᠢᠬᠡᠨᠳᠡ ᠬᠢᠨᠠᠨ ᠲᠤᠭᠳᠠᠭᠠᠪᠠ᠂ ᠤᠳᠤ ᠵᠠᠷᠯᠠᠨ ᠨᠡᠶᠢᠲᠡᠯᠡᠰᠦᠭᠡᠢ᠂ ᠡᠯ᠎ᠡ ᠭᠠᠵᠠᠷ ᠤᠷᠤᠨ ᠡᠯ᠎ᠡ ᠰᠠᠯᠠᠭ᠎ᠠ ᠮᠦᠴᠢᠷ ᠡᠯ᠎ᠡ ᠨᠢᠬᠡᠴᠡ ᠶᠢᠨ ᠬᠢᠨ ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠬᠡᠯᠡᠬᠦ ᠠᠵᠢᠯᠯᠠᠭ᠎ᠠ ᠶᠢᠨ ᠰᠦᠯᠳᠡ ᠲᠡᠮᠳᠡᠭ ᠢ ᠬᠡᠷᠡᠭᠯᠡᠬᠦ ᠬᠠᠮᠢᠶᠠᠷᠤᠯᠳᠠ ᠶᠢᠨ ᠠᠷᠭ᠎ᠠ︾ ᠵᠢᠴᠢ ᠬᠠᠮᠢᠶ᠎ᠠ ᠪᠦᠬᠦᠢ ᠲᠤᠭᠳᠠᠭᠠᠯ ᠶᠤᠰᠤᠭᠠᠷ ᠵᠢᠷᠤᠮᠵᠢᠭᠤᠯᠤᠨ ᠭᠡᠷᠡᠭᠯᠡᠬᠡᠷᠡᠢ᠃                 ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ                 ᠤᠢ ᠶᠢ ᠪᠡᠯᠬᠡᠯᠡᠬᠦ ᠠᠵᠢᠯᠯᠠᠭ᠎ᠠ ᠶᠢᠨ ᠪᠡᠯᠡᠳᠬᠡᠯ ᠠᠵᠢᠯ ᠤᠨ ᠺᠤᠮᠢᠰ ᠤᠨ ᠠᠯᠪᠠᠨ ᠭᠡᠷ                                          2017 ᠤᠨ ᠤ 6 ᠳ᠋ᠤᠭᠠᠷ ᠰᠠᠷ᠎ᠠ ᠶᠢᠨ 1᠎ ᠤ ᠡᠳᠤᠷ      ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠬᠡᠯᠡᠬᠦ ᠠᠵᠢᠯᠯᠠᠭ᠎ᠠ ᠶᠢᠨ ᠰᠦᠯᠳᠡ ᠲᠡᠮᠳᠡᠭ ᠢ ᠬᠡᠷᠡᠭᠯᠡᠬᠦ ᠬᠠᠮᠢᠶᠠᠷᠤᠯᠳᠠ ᠶᠢᠨ ᠠᠷᠭ᠎ᠠ      ᠨᠢᠬᠡᠳᠤᠭᠡᠷ ᠵᠦᠢᠯ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠬᠡᠯᠡᠬᠦ ᠠᠵᠢᠯᠯᠠᠭ᠎ᠠ ᠶᠢᠨ ᠰᠦᠯᠳᠡ ᠲᠡᠮᠳᠡᠭ ᠪᠤᠯ ᠤᠨᠴᠠᠭᠠᠢ ᠰᠦᠯᠳᠡ ᠲᠡᠮᠳᠡᠭ ᠪᠤᠯᠤᠨ᠎ᠠ᠂ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠬᠡᠯᠡᠬᠦ ᠠᠵᠢᠯᠯᠠᠭ᠎ᠠ ᠶᠢᠨ ᠪᠡᠯᠡᠳᠬᠡᠯ ᠠᠵᠢᠯ ᠤᠨ ᠺᠤᠮᠢᠰ ᠲᠤ ᠬᠠᠷᠢᠶᠠᠯᠠᠬᠳᠠᠨ᠎ᠠ᠃ ᠪᠡᠯᠡᠳᠬᠡᠯ ᠠᠵᠢᠯ ᠤᠨ ᠺᠤᠮᠢᠰ ᠠᠯᠪᠠᠨ ᠭᠡᠷ ᠲᠡᠭᠡᠨ ᠡᠷᠬᠡ ᠤᠯᠭᠤᠵᠥ ᠰᠦᠯᠳᠡ ᠲᠡᠮᠳᠡᠭ ᠢ ᠬᠡᠷᠡᠭᠯᠡᠬᠦ ᠳᠤ ᠬᠠᠮᠢᠶᠠᠷᠤᠯᠳᠠ ᠶᠠᠪᠤᠭᠤᠯᠵᠥ ᠬᠢᠨᠠᠯᠳᠠ ᠲᠠᠯᠪᠢᠨ᠎ᠠ᠃      ᠬᠤᠶᠠᠳᠤᠭᠠᠷ ᠵᠦᠢᠯ ᠲᠤᠰ ᠠᠷᠭ᠎ᠠ ᠳᠤ ᠬᠡᠯᠡᠵᠥ ᠪᠠᠶᠢᠭ᠎ᠠ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠬᠡᠯᠡᠬᠦ ᠠᠵᠢᠯᠯᠠᠭ᠎ᠠ ᠶᠢᠨ ᠰᠦᠯᠳᠡ ᠲᠡᠮᠳᠡᠭ ᠭᠡᠳᠡᠭ ᠪᠤᠯ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠬᠡᠯᠡᠬᠦ ᠠᠵᠢᠯᠯᠠᠭ᠎ᠠ ᠶᠢᠨ ᠤᠨᠴᠠᠭᠠᠢ ᠨᠡᠷᠡᠶᠢᠳᠦᠯ᠂ ᠵᠤᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠨᠡᠷᠡᠶᠢᠳᠦᠯ᠂ ᠬᠠᠮᠢᠶ᠎ᠠ ᠪᠦᠬᠦᠢ ᠦᠰᠦᠭ ᠪᠢᠴᠢᠭ᠂ ᠰᠦᠯᠳᠡ ᠶᠢᠨ ᠵᠢᠷᠤᠭ ᠵᠡᠷᠬᠡ ᠪᠠ ᠲᠡᠭᠡᠷ᠎ᠡ ᠲᠤᠷᠠᠳᠤᠭᠰᠠᠠ ᠡᠯᠧᠮᠧᠨ᠋ᠲ ᠤᠨ ᠨᠡᠶᠢᠯᠡᠯ ᠢ ᠵᠢᠭᠠᠵᠥ ᠪᠠᠶᠢᠨ᠎ᠠ᠃      ᠭᠤᠷᠪᠠᠳᠤᠭᠠᠷ ᠵᠦᠢᠯ ᠡᠷᠬᠡ ᠤᠯᠭᠤᠯᠳᠡ ᠦᠭᠡᠢ ᠪᠤᠯ ᠶᠠᠮᠠᠷᠪᠠ ᠵᠤᠬᠢᠶᠠᠨ ᠪᠠᠶᠢᠭᠤᠯᠤᠯᠲᠠ ᠪᠤᠯᠤᠨ ᠬᠤᠪᠢ ᠬᠦᠮᠥᠨ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠬᠡᠯᠡᠬᠦ ᠠᠵᠢᠯᠯᠠᠭ᠎ᠠ ᠶᠢᠨ ᠪᠡᠯᠡᠳᠬᠡᠯ ᠠᠵᠢᠯ ᠤᠨ ᠺᠤᠮᠢᠰ ᠵᠢᠴᠢ ᠲᠡᠬᠦᠨ ᠤ ᠠᠯᠪᠠᠨ ᠭᠡᠷ ᠤᠨ ᠨᠡᠷ᠎ᠡ ᠪᠠᠷ ᠵᠠᠷ ᠮᠡᠳᠡᠭᠡ ᠵᠤᠬᠢᠶᠠᠨ ᠨᠡᠶᠢᠲᠡᠯᠡᠬᠦ᠂ ᠲᠤᠰᠠᠯᠠᠮᠵᠢ ᠴᠤᠭᠯᠠᠭᠤᠯᠬᠤ᠂ ᠵᠤᠬᠢᠶᠠᠨ ᠪᠠᠶᠢᠭᠤᠯᠵᠤ ᠤᠬᠠᠭᠤᠯᠬᠤ ᠵᠡᠷᠬᠡ ᠠᠵᠢᠯᠯᠠᠭ᠎ᠠ ᠬᠢᠵᠥ ᠪᠤᠯᠬᠤ ᠦᠭᠡᠢ᠂ ᠦᠢᠯᠡᠳᠪᠤᠷᠢᠯᠡᠯ᠂ ᠡᠵᠡᠩᠨᠡᠯᠳᠡ᠂ ᠤᠬᠠᠭᠤᠯᠭ᠎ᠠ᠂ ᠲᠤᠭᠯᠠᠯᠳᠡ ᠪᠤᠯᠤᠨ ᠪᠤᠰᠤᠳ ᠠᠵᠢᠯᠯᠠᠭ᠎ᠠ ᠲᠤᠮᠳᠠ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠬᠡᠯᠡᠬᠦ ᠠᠵᠢᠯᠯᠠᠭ᠎ᠠ ᠶᠢᠨ ᠰᠦᠯᠳᠡ ᠲᠡᠮᠳᠡᠭ ᠪᠤᠶᠤ ᠰᠦᠯᠳᠡ ᠲᠡᠮᠳᠡᠭ ᠲᠠᠢ ᠤᠶᠢᠷᠠᠯᠴᠠᠭ᠎ᠠ ᠲᠡᠮᠳᠡᠭ ᠢ ᠬᠡᠷᠡᠭᠯᠡᠵᠥ ᠪᠤᠯᠬᠤ ᠦᠭᠡᠢ᠃      ᠲᠦᠷᠪᠡᠳᠤᠭᠡᠷ ᠵᠦᠢᠯ ᠦᠪᠡᠷᠳᠡᠭᠡᠨ ᠵᠠᠰᠠᠬᠤ ᠤᠷᠤᠨ ᠤ ᠡᠯ᠎ᠡ ᠱᠠᠳᠤᠨ ᠤ ᠦᠢᠯᠡᠳᠪᠤᠷᠢ ᠬᠤᠳᠠᠯᠳᠤᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠳᠡ᠂ ᠬᠡᠪᠯᠡᠯ ᠤᠨ ᠡᠷᠬᠡ ᠶᠢᠨ ᠬᠠᠮᠢᠶᠠᠷᠤᠯᠳᠡ᠂ ᠲᠤᠰᠬᠠᠢ ᠠᠰᠢᠭ ᠤᠨ ᠬᠠᠮᠢᠶᠠᠷᠤᠯᠳᠡ ᠵᠡᠷᠬᠡ ᠰᠠᠯᠠᠭ᠎ᠠ ᠮᠦᠴᠢᠷ ᠤᠨ ᠬᠢᠨ ᠦᠪᠡᠷᠳᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠬᠡᠯᠡᠬᠦ ᠠᠵᠢᠯᠯᠠᠭ᠎ᠠ ᠶᠢᠨ ᠰᠦᠯᠳᠡ ᠲᠡᠮᠳᠡᠭ ᠢ ᠲᠤᠷ᠎ᠠ ᠪᠠᠷ ᠢᠶᠠᠨ ᠬᠤᠳᠠᠯᠳᠤᠭᠠᠨ ᠳᠤ ᠬᠡᠷᠡᠭᠯᠡᠭᠰᠡᠡ ᠠᠵᠢᠯᠯᠠᠭ᠎ᠠ ᠶᠢ ᠬᠠᠤᠯᠢ ᠶᠤᠰᠤᠭᠠᠷ ᠪᠠᠶᠢᠴᠠᠭᠠᠨ ᠰᠢᠳᠭᠡᠬᠦ ᠬᠡᠷᠡᠭᠳᠡᠢ᠃      ᠲᠠᠪᠤᠳᠤᠭᠠᠷ ᠵᠦᠢᠯ ᠲᠤᠰ ᠬᠠᠮᠢᠶᠠᠷᠤᠯᠳᠡ ᠶᠢᠨ ᠠᠷᠭ᠎ᠠ ᠶᠢ ᠨᠡᠶᠢᠲᠡᠯᠡᠭᠰᠡᠨ ᠡᠳᠤᠷ ᠠᠴᠠ ᠡᠬᠢᠯᠡᠨ ᠬᠡᠷᠡᠭᠵᠢᠬᠦᠯᠥᠨ᠎ᠡ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号