ᠮᠠ ᠮᠢᠩ᠄ ᠠᠮᠤᠷ ᠲᠦᠪᠰᠢᠨ ᠪᠠᠶᠢᠬᠤ ᠦᠶ᠎ᠡ ᠳᠡᠭᠡᠨ ᠠᠶᠤᠯ ᠲᠦᠭᠰᠢᠭᠦᠷᠢ ᠶᠢ ᠮᠠᠷᠲᠠᠬᠤ ᠦᠭᠡᠢ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠨ ᠡᠭᠡ ᠤᠯᠤᠰ ᠤᠨ ᠤᠮᠠᠷᠠᠲᠦ ᠬᠢᠯᠢ ᠶᠢᠨ ᠠᠮᠤᠷ ᠲᠤᠭᠲᠠᠭᠤᠨ ᠦᠵᠡᠰᠭᠦᠯᠡᠩᠳᠤ ᠰᠠᠶᠢᠬᠠᠨ ᠦᠵᠡᠮᠵᠢ ᠶᠢᠨ ᠤᠷᠤᠨ ᠢ ᠪᠠᠶᠢᠭᠤᠯᠬᠤ ᠳᠤ ᠲᠠᠬᠢᠨ ᠰᠢᠨ᠎ᠠ ᠭᠠᠪᠢᠶ᠎ᠠ ᠡᠬᠦᠳᠬᠦ ᠭᠡᠷᠡᠭᠲᠡᠢ
ᠨᠡᠶᠢᠲᠡᠯᠡᠭᠰᠡᠨ ᠴᠠᠭ᠄
2017-06-20
     6 ᠳ᠋ᠤᠭᠠᠷ ᠰᠠᠷ᠎ᠠ ᠶᠢᠨ 16 ᠤ ᠡᠲᠦᠷ᠂ ᠦᠪᠦᠷ ᠮᠤᠩᠭᠤᠯ ᠤᠨ ᠴᠠᠭᠲᠠᠭ᠎ᠠ ᠶᠢᠨ ᠠᠵᠢᠯ ᠮᠡᠷᠭᠡᠵᠢᠯ ᠤᠨ ᠲᠡᠭᠡᠲᠦ ᠰᠤᠷᠭᠠᠭᠤᠯᠢ ᠶᠢᠨ ᠪᠠᠶᠢᠳᠠᠯ ᠲᠦᠷᠦ ᠶᠢᠨ ᠪᠤᠲᠤᠯᠭ᠎ᠠ ᠶᠢᠨ ᠮᠡᠲᠡᠭᠦᠯᠦᠯᠲᠡ ᠶᠢᠨ ᠬᠤᠷᠠᠯ ᠵᠢᠴᠢ ᠲᠤᠲᠤᠭᠠᠲᠤ ᠶᠢ ᠬᠠᠮᠠᠭᠠᠯᠠᠬᠤ ᠲᠢᠩᠭᠢᠮ ᠤᠨ ᠪᠠᠶᠢᠭᠤᠯᠭ᠎ᠠ ᠶᠢᠨ ︽7 · 1︾ ᠤ ᠨᠠᠮ ᠤᠨ ᠬᠢᠴᠢᠶᠡᠯ ᠤᠨ ᠮᠡᠲᠡᠭᠦᠯᠦᠯᠲᠡ ᠶᠢᠨ ᠬᠤᠷᠠᠯ ᠬᠤᠷᠠᠯᠲᠤᠵᠠᠢ᠃ ᠦᠪᠡᠷᠲᠡᠭᠡᠡ ᠵᠠᠰᠠᠬᠤ ᠤᠷᠤᠨ ᠤ ᠲᠡᠳ᠋ ᠲᠡᠷᠢᠭᠦᠯᠡᠭᠴᠢ᠂ ᠲᠤᠲᠤᠭᠠᠲᠤ ᠶᠢ ᠬᠠᠮᠠᠭᠠᠯᠠᠬᠤ ᠲᠢᠩᠭᠢᠮ ᠤᠨ ᠲᠠᠷᠤᠭ᠎ᠠ ᠮᠠ ᠮᠢᠩ ᠴᠠᠭᠲᠠᠭ᠎ᠠ ᠶᠢᠨ ᠲᠡᠭᠡᠲᠦ ᠰᠤᠷᠭᠠᠭᠤᠯᠢ ᠶᠢᠨ ᠪᠠᠭᠰᠢ ᠰᠤᠷᠤᠭᠴᠢᠳ ᠪᠤᠯᠤᠨ ᠲᠤᠲᠤᠭᠠᠲᠤ ᠶᠢ ᠬᠠᠮᠠᠭᠠᠯᠠᠬᠤ ᠲᠢᠩᠭᠢᠮ ᠤᠨ ᠪᠠᠶᠢᠭᠤᠯᠭ᠎ᠠ ᠶᠢᠨ ᠠᠷᠠᠳ ᠤᠨ ᠴᠠᠭᠲᠠᠭ᠎ᠠ ᠨᠠᠷ ᠲᠤ ︽ᠡᠭᠡ ᠤᠯᠤᠰ ᠤᠨ ᠤᠮᠠᠷᠠᠲᠦ ᠬᠢᠯᠢ ᠶᠢᠨ ᠠᠮᠤᠷ ᠲᠤᠭᠲᠠᠭᠤᠨ ᠪᠠᠶᠢᠳᠠᠯ ᠢ ᠬᠠᠮᠠᠭᠠᠯᠠᠰᠤᠭᠠᠢ︾ ᠭᠡᠬᠦ ᠰᠡᠲᠦᠪᠲᠦ ᠮᠡᠲᠡᠭᠦᠯᠦᠯᠲᠡ ᠬᠢᠵᠠᠢ᠃      ᠮᠠ ᠮᠢᠩ ᠨᠤᠮ ᠪᠢᠴᠢᠭ ᠠᠴᠠ ᠡᠰᠢ ᠲᠠᠲᠠᠵᠦ᠂ ᠶᠡᠷᠦᠩᠭᠡᠢ ᠱᠦᠵᠢ ᠰᠢ ᠶᠢᠨ ᠫᠢᠩ ᠤᠨ ᠲᠤᠷᠠᠲᠤᠭᠰᠠᠠ ︽ᠨᠠᠮ ᠳᠠᠭᠠᠨ ᠦᠨᠡᠡᠴᠢ᠂ ᠠᠷᠠᠳ ᠲᠦᠮᠡᠡ ᠳᠤ ᠦᠢᠯᠡᠴᠢᠯᠡᠬᠦ᠂ ᠬᠠᠤᠯᠢ ᠶᠢ ᠭᠤᠤᠯᠴᠢ ᠪᠠᠷ ᠭᠡᠷᠡᠭᠵᠢᠭᠦᠯᠬᠦ᠂ ᠰᠠᠬᠢᠯᠭ᠎ᠠ ᠪᠠᠲᠤ ᠴᠢᠩᠭ᠎ᠠ︾ ᠪᠠᠶᠢᠬᠤ ᠭᠡᠷᠡᠭᠲᠡᠢ ᠭᠡᠰᠡᠡ ᠱᠠᠭᠠᠷᠲᠠᠯᠭ᠎ᠠ ᠶᠢ ᠭᠡᠷᠬᠢᠨ ᠵᠢᠩᠭᠢᠨᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠱᠠᠭᠠᠷᠲᠠᠯᠭ᠎ᠠ ᠶᠢ ᠲᠤᠲᠤᠭᠠᠲᠤ ᠶᠢ ᠬᠠᠮᠠᠭᠠᠯᠠᠬᠤ ᠠᠵᠢᠯ ᠤᠨ ᠪᠤᠲᠠᠲᠠᠢ ᠠᠵᠢᠯᠯᠠᠭ᠎ᠠ ᠲᠤᠮᠲᠠ ᠨᠠᠶᠢᠳᠠᠪᠤᠷᠢᠵᠢᠭᠤᠯᠬᠤ ᠵᠡᠷᠭᠡ ᠲᠠᠯ᠎ᠠ ᠪᠠᠷ ᠬᠦᠨᠵᠡᠭᠡᠢ ᠪᠦᠭᠡᠳ ᠤᠶᠢᠯᠠᠭᠠᠮᠵᠢᠲᠠᠢ᠂ ᠲᠦᠷᠰᠦᠯᠢᠭ ᠪᠦᠭᠡᠳ ᠭᠤᠶᠢᠲᠠ ᠰᠠᠶᠢᠬᠠᠨ ᠦᠭᠦᠯᠡᠯᠲᠡ ᠬᠢᠭᠰᠡᠡ ᠪᠠᠶᠢᠨ᠎ᠠ᠃ ᠲᠡᠷᠡ᠂ ᠲᠤᠲᠤᠭᠠᠲᠤ ᠶᠢ ᠬᠠᠮᠠᠭᠠᠯᠠᠬᠤ ᠠᠷᠠᠳ ᠤᠨ ᠴᠠᠭᠲᠠᠭ᠎ᠠ ᠠᠮᠤᠷ ᠲᠦᠪᠰᠢᠨ ᠪᠠᠶᠢᠬᠤ ᠳᠠᠭᠠᠨ ᠠᠶᠤᠯ ᠲᠦᠭᠰᠢᠬᠦᠷᠢ ᠶᠢ ᠦᠯᠦ ᠮᠠᠷᠲᠠᠠ᠂ ᠤᠯᠤᠰ ᠤᠨ ᠠᠮᠤᠷ ᠲᠦᠪᠰᠢᠨ ᠪᠤᠯᠤᠨ ᠨᠡᠶᠢᠭᠡᠮ ᠤᠨ ᠲᠤᠭᠲᠠᠭᠤᠨ ᠪᠠᠶᠢᠳᠠᠯ ᠳᠤ ᠲᠤᠯᠭᠠᠷᠠᠵᠦ ᠪᠠᠶᠢᠭ᠎ᠠ ᠪᠠᠶᠢᠳᠠᠯ ᠪᠠ ᠦᠷᠢᠰᠦᠯᠲᠦᠭᠡᠡ ᠢ ᠬᠦᠨᠵᠡᠭᠡᠢ ᠲᠠᠨᠢᠬᠤ ᠭᠡᠷᠡᠭᠲᠡᠢ︔ ᠡᠬᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠢᠮᠠᠭᠲᠠ ᠡᠭᠡ ᠤᠯᠤᠰ ᠤᠨ ᠤᠮᠠᠷᠠᠲᠦ ᠬᠢᠯᠢ ᠶᠢᠨ ᠠᠮᠤᠷ ᠲᠤᠭᠲᠠᠭᠤᠨ ᠰᠠᠶᠢᠨ ᠰᠠᠶᠢᠬᠠᠨ ᠪᠠᠶᠢᠳᠠᠯ ᠢ ᠬᠠᠮᠠᠭᠠᠯᠠᠬᠤ ᠭᠡᠷᠡᠭᠲᠡᠢ᠃ ᠴᠠᠭᠲᠠᠭ᠎ᠠ ᠶᠢᠨ ᠲᠡᠭᠡᠲᠦ ᠰᠤᠷᠭᠠᠭᠤᠯᠢ ᠶᠢᠨ ᠰᠤᠷᠤᠭᠴᠢᠳ ᠲᠤᠰᠬᠠᠢ ᠮᠡᠷᠭᠡᠵᠢᠯ ᠤᠨ ᠮᠡᠲᠡᠯᠭᠡ ᠪᠠᠨ ᠴᠢᠷᠮᠠᠶᠢᠨ ᠰᠠᠶᠢᠲᠤᠷ ᠰᠤᠷᠤᠯᠴᠠᠵᠦ᠂ ᠠᠵᠢᠯ ᠮᠡᠷᠭᠡᠵᠢᠯ ᠤᠨ ᠬᠡᠪ ᠴᠢᠨᠠᠷ ᠢᠶᠠᠨ ᠲᠡᠭᠡᠭᠰᠢᠯᠡᠭᠦᠯᠤᠨ᠂ ᠡᠭᠡ ᠤᠯᠤᠰ ᠤᠨ ᠤᠮᠠᠷᠠᠲᠦ ᠬᠢᠯᠢ ᠶᠢᠨ ᠠᠮᠤᠷ ᠲᠤᠭᠲᠠᠭᠤᠨ ᠦᠵᠡᠰᠭᠦᠯᠡᠩᠳᠤ ᠰᠠᠶᠢᠬᠠᠨ ᠦᠵᠡᠮᠵᠢ ᠶᠢᠨ ᠤᠷᠤᠨ ᠢ ᠪᠠᠶᠢᠭᠤᠯᠬᠤ ᠳᠤ ᠲᠠᠬᠢᠨ ᠰᠢᠨ᠎ᠠ ᠭᠠᠪᠢᠶ᠎ᠠ ᠡᠬᠦᠳᠬᠦ ᠭᠡᠷᠡᠭᠲᠡᠢ ᠭᠡᠵᠦ ᠱᠠᠭᠠᠷᠲᠠᠭᠰᠠᠠ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ  ᠤᠨ ᠰᠣᠨᠢᠨ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号