ᠥᠪᠡᠷᠲᠡᠭᠡᠨ ᠵᠠᠰᠠᠬᠤ ᠤᠷᠤᠨ ᠪᠠᠶᠢᠭᠤᠯᠤᠬᠳᠠᠬᠰᠠᠨ 70 ᠵᠢᠯ ᠤᠨ ᠤᠢ ᠶᠢ ᠰᠤᠷᠪᠤᠯᠵᠢᠯᠠᠬᠤ ᠲᠦᠪ ᠤᠨ ᠵᠠᠭᠤᠴᠢᠯᠠᠭᠤᠷ ᠤᠨ ᠲᠦᠪᠯᠡᠷᠡᠨ ᠰᠤᠷᠪᠤᠯᠵᠢᠯᠠᠬᠤ ᠠᠵᠢᠯᠯᠠᠭ᠎ᠠ ᠡᠬᠢᠯᠡᠪᠡ
ᠨᠡᠶᠢᠲᠡᠯᠡᠭᠰᠡᠨ ᠴᠠᠭ᠄
2017-06-20
     ᠲᠥᠪ ᠤᠨ ᠤᠬᠠᠭᠤᠯᠬᠤ ᠬᠡᠯᠳᠡᠰ ᠤᠨ  ᠵᠤᠬᠢᠶᠠᠨ ᠪᠠᠶᠢᠭᠤᠯᠤᠬᠰᠠᠨ ᠦᠪᠡᠷᠳᠡᠭᠡᠨ ᠵᠠᠰᠠᠬᠤ ᠤᠷᠤᠨ ᠪᠠᠶᠢᠭᠤᠯᠤᠬᠳᠠᠬᠰᠠᠨ 70 ᠵᠢᠯ ᠤᠨ ᠤᠢ ᠶᠢ ᠰᠤᠷᠪᠤᠯᠵᠢᠯᠠᠬᠤ ᠲᠦᠪ ᠤᠨ ᠵᠠᠭᠤᠴᠢᠯᠠᠭᠤᠷ ᠤᠨ ᠰᠤᠷᠪᠤᠯᠵᠢᠯᠠᠭ᠎ᠠ ᠶᠢᠨ ᠪᠦᠯᠬᠦᠮ ᠬᠦᠬᠡᠬᠤᠳᠠ ᠳᠤ ᠢᠷᠡᠵᠤ ᠲᠦᠪᠯᠡᠷᠡᠨ ᠰᠤᠷᠪᠤᠯᠵᠢᠯᠠᠬᠤ ᠠᠵᠢᠯᠯᠠᠭ᠎ᠠ ᠪᠠᠨ ᠡᠬᠢᠯᠡᠭᠦᠯᠪᠡ᠃      6 ᠳ᠋ᠤᠭᠠᠷ ᠰᠠᠷ᠎ᠠ ᠶᠢᠨ 19 ᠤ ᠡᠳᠦᠷ ᠤᠨ ᠦᠳᠡ ᠶᠢᠨ ᠡᠮᠦᠨ᠎ᠠ᠂ ᠦᠪᠡᠷᠳᠡᠭᠡᠨ ᠵᠠᠰᠠᠬᠤ ᠤᠷᠤᠨ ᠪᠠᠶᠢᠭᠤᠯᠤᠬᠳᠠᠬᠰᠠᠨ 70 ᠵᠢᠯ ᠤᠨ ᠤᠢ ᠶᠢ ᠰᠤᠷᠪᠤᠯᠵᠢᠯᠠᠬᠤ ᠲᠦᠪ ᠤᠨ ᠵᠠᠭᠤᠴᠢᠯᠠᠭᠤᠷ ᠤᠨ ᠰᠤᠷᠪᠤᠯᠵᠢᠯᠠᠭ᠎ᠠ ᠶᠢᠨ ᠪᠦᠯᠬᠦᠮ ᠤᠨ ᠠᠭᠤᠯᠵᠠᠯᠳᠠ ᠶᠢᠨ ᠬᠤᠷᠠᠯ ᠬᠦᠬᠡᠬᠤᠳᠠ ᠳᠤ ᠶᠠᠪᠤᠬᠳᠠᠵᠠᠢ᠃      ᠦᠪᠡᠷᠳᠡᠭᠡᠨ ᠵᠠᠰᠠᠬᠤ ᠤᠷᠤᠨ ᠤ ᠨᠠᠮ ᠤᠨ  ᠬᠤᠷᠢᠶ᠎ᠠ ᠶᠢᠨ ᠪᠠᠶᠢᠩᠭᠤ ᠶᠢᠨ ᠬᠡᠰᠢᠭᠦᠨ᠂ ᠤᠬᠠᠭᠤᠯᠬᠤ ᠬᠡᠯᠳᠡᠰ  ᠤᠨ ᠲᠠᠷᠤᠭ᠎ᠠ ᠪᠠᠢ ᠢᠤᠢ ᠭᠠᠩ ᠠᠭᠤᠯᠵᠠᠯᠳᠠ ᠶᠢᠨ ᠬᠤᠷᠠᠯ ᠳᠤ ᠤᠷᠤᠯᠴᠠᠵᠤ ᠦᠭᠡ ᠬᠡᠯᠡᠪᠡ᠃ ᠲᠦᠪ ᠤᠨ ᠤᠬᠠᠭᠤᠯᠬᠤ ᠬᠡᠯᠳᠡᠰ ᠤᠨ ᠰᠤᠨᠢᠨ ᠮᠡᠳᠡᠭᠡᠨ ᠤ ᠲᠤᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠳᠠᠨ ᠠᠴᠠ ᠲᠦᠪ  ᠤᠨ ᠵᠠᠭᠤᠴᠢᠯᠠᠭᠤᠷ ᠤᠨ ᠰᠤᠷᠪᠤᠯᠵᠢᠯᠠᠭ᠎ᠠ ᠶᠢᠨ ᠪᠦᠯᠬᠦᠮ ᠤᠨ ᠪᠦᠷᠢᠯᠳᠦᠭᠦᠨ ᠢ ᠲᠠᠨᠢᠯᠴᠠᠭᠤᠯᠬᠤ ᠶᠢᠨ ᠬᠠᠮᠳᠤ ᠲᠤᠰ ᠤᠳᠠᠭᠠᠨ ᠤ ᠰᠤᠷᠪᠤᠯᠵᠢᠯᠠᠭ᠎ᠠ ᠶᠢ ᠰᠠᠶᠢᠳᠤᠷ ᠬᠢᠭᠦ ᠲᠤᠬᠠᠢ ᠪᠤᠳᠠᠳᠠᠢ ᠱᠠᠭᠠᠷᠳᠠᠯᠭ᠎ᠠ ᠲᠤᠷᠠᠳᠤᠬᠰᠠᠨ ᠨᠢ᠂ ᠡᠯ᠎ᠠ ᠵᠠᠭᠤᠴᠢᠯᠠᠭᠤᠷ ᠤᠨ ᠬᠢᠨ ᠶᠠᠷᠢᠶ᠎ᠠ ᠬᠡᠯᠡᠯᠴᠡᠭᠡᠨ ᠤ ᠤᠳᠤᠷᠢᠳᠤᠮᠵᠢ ᠪᠠᠨ ᠰᠠᠶᠢᠳᠤᠷ ᠡᠵᠡᠮᠳᠡᠵᠤ᠂ ᠤᠬᠠᠭᠤᠯᠭ᠎ᠠ ᠶᠢᠨ ᠭᠤᠤᠯᠳᠠᠯᠭ᠎ᠠ ᠶᠢᠨ ᠲᠤᠭᠤᠷᠢᠨ ᠳᠤ ᠦᠨᠳᠦᠰᠦᠨ ᠱᠠᠳᠤᠨ ᠳᠤ ᠪᠠᠭᠤᠵᠤ ᠠᠵᠢᠯ ᠤᠨ ᠤᠪᠤᠷ ᠵᠤᠬᠢᠶᠠᠯ ᠤᠨ ᠰᠤᠷᠳᠠᠯ ᠢᠶᠠᠨ ᠰᠠᠶᠢᠵᠢᠷᠠᠭᠤᠯᠬᠤ ᠱᠠᠭᠠᠷᠳᠠᠯᠭ᠎ᠠ ᠶᠤᠰᠤᠭᠠᠷ᠂ ᠦᠨᠳᠦᠰᠦᠨ ᠱᠠᠳᠤᠨ ᠤ ᠨᠢᠭᠡᠳᠦᠭᠡᠷ ᠹᠷᠤᠨᠲ ᠲᠤ ᠬᠦᠨᠵᠡᠭᠡᠶᠢᠷᠡᠨ᠂ ᠨᠢᠭᠡ ᠪᠦᠯᠦᠭ ᠰᠤᠳᠤᠨ ᠪᠦᠳᠦᠭᠡᠯ ᠢ ᠰᠤᠷᠪᠤᠯᠵᠢᠯᠠᠨ ᠪᠢᠴᠢᠭᠦ ᠬᠡᠷᠡᠭᠳᠡᠢ ᠬᠡᠵᠡᠢ᠃      ᠪᠠᠢ ᠢᠤᠢ ᠭᠠᠩ ᠡᠩ ᠲᠡᠷᠢᠭᠦᠨ ᠳᠤ ᠲᠦᠪ ᠤᠨ ᠤᠬᠠᠭᠤᠯᠬᠤ ᠬᠡᠯᠳᠡᠰ ᠪᠠ ᠲᠦᠪ ᠤᠨ ᠵᠠᠭᠤᠴᠢᠯᠠᠭᠤᠷ ᠤᠨ ᠤᠷᠳᠤ ᠬᠤᠭᠤᠴᠠᠭᠠᠨ ᠤ ᠲᠤᠷᠰᠢ ᠦᠪᠦᠷ ᠮᠤᠩᠭᠤᠯ ᠳᠤ ᠦᠵᠡᠭᠦᠯᠦᠭᠰᠡᠨ ᠬᠠᠯᠠᠮᠵᠢᠯᠠᠯ ᠲᠡᠮᠵᠢᠯᠭᠡ ᠳᠤ ᠲᠠᠯᠠᠷᠬᠠᠵᠤ ᠪᠠᠶᠢᠬᠤ ᠪᠠᠨ ᠢᠯᠡᠳᠭᠡᠪᠡ᠂ ᠲᠡᠷᠡ ᠵᠢᠭᠠᠵᠤ ᠭᠠᠷᠭᠠᠬᠰᠠᠨ ᠨᠢ᠂ ᠦᠪᠦᠷ ᠮᠤᠩᠭᠤᠯ ᠤᠨ ᠭᠠᠵᠠᠷ ᠨᠤᠳᠤᠭ ᠦᠷᠭᠡᠨ ᠠᠭᠤᠳᠠᠮ᠂ ᠤᠨᠴᠠᠭᠠᠢ ᠤᠷᠤᠨ ᠪᠠᠶᠢᠷᠢ ᠶᠢᠨ ᠲᠠᠪᠠᠭᠤᠯᠢᠭ ᠲᠠᠢ︔ ᠡᠬᠢ ᠪᠠᠶᠠᠯᠢᠭ ᠡᠯᠪᠡᠭ ᠲᠡᠯᠪᠡᠭ᠂ ᠪᠠᠶᠢᠯᠳᠤᠬᠤ ᠪᠤᠳᠤᠯᠭ᠎ᠠ ᠶᠢᠨ ᠴᠢᠬᠤᠯᠠ ᠪᠠᠶᠢᠷᠢ ᠰᠠᠭᠤᠷᠢ ᠲᠠᠢ︔ ᠬᠦᠨ ᠵᠤᠵᠠᠭᠠᠨ ᠲᠡᠤᠭᠡ ᠰᠤᠶᠤᠯ ᠲᠠᠢ᠂ ᠪᠠᠶᠢᠭᠠᠯᠢ ᠶᠢᠨ ᠦᠩᠭᠡ ᠦᠵᠡᠮᠵᠢ ᠡᠳᠡᠭᠡᠳ ᠭᠤᠶᠤ︔ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠦᠨᠳᠦᠰᠦᠳᠡᠨ ᠤ ᠪᠦᠯᠬᠦᠮᠳᠡᠯ  ᠤᠨ ᠰᠠᠭᠤᠷᠢ ᠪᠡᠳᠤ︔ ᠦᠵᠡᠰᠭᠦᠯᠡᠩᠳᠦ ᠰᠠᠶᠢᠬᠠᠨ ᠤᠮᠠᠷᠠᠳᠦ ᠬᠢᠯᠢ ᠶᠢᠨ ᠠᠵᠤ ᠠᠬᠤᠢ ᠨᠡᠶᠢᠭᠡᠮ ᠴᠡᠴᠡᠭᠯᠡᠨ ᠬᠦᠭᠵᠢᠵᠤ ᠪᠠᠶᠢᠨ᠎ᠠ ᠬᠡᠪᠡ᠃ ᠲᠡᠷᠡ᠂ ᠡᠯ᠎ᠠ ᠵᠠᠭᠤᠴᠢᠯᠠᠭᠤᠷ ᠤᠨ  ᠰᠤᠷᠪᠤᠯᠵᠢᠯᠠᠬᠴᠢᠳ ᠦᠪᠦᠷ ᠮᠤᠩᠭᠤᠯ ᠳᠤ ᠬᠦᠨ ᠵᠤᠵᠠᠭᠠᠨ ᠬᠠᠶᠢᠷ᠎ᠠ ᠰᠡᠳᠬᠢᠯᠭᠡ ᠡᠪᠦᠷᠯᠡᠨ᠂ ᠦᠵᠦᠭ ᠪᠢᠷ ᠪᠤᠯᠤᠠ ᠲᠤᠷᠠᠨ ᠬᠠᠷᠠᠭ᠎ᠠ ᠪᠠᠷ ᠢᠶᠠᠨ ᠦᠪᠦᠷ ᠮᠤᠩᠭᠤᠯ  ᠤᠨ 70 ᠵᠢᠯ ᠤᠨ ᠲᠤᠷᠰᠢᠬᠢ ᠤᠨᠴᠠᠭᠠᠶᠢᠯᠠᠨ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢᠬᠢ ᠠᠵᠤ ᠠᠬᠤᠢ ᠨᠡᠶᠢᠭᠡᠮ ᠤᠨ ᠬᠦᠭᠵᠢᠯᠳᠡ ᠶᠢᠨ ᠬᠡᠷᠡᠯ ᠰᠠᠴᠤᠷᠠᠩᠭᠤᠢ ᠠᠮᠵᠢᠯᠳᠡ ᠪᠦᠳᠦᠮᠵᠢ᠂ ᠲᠠᠯ᠎ᠠ ᠨᠤᠳᠤᠭ ᠤᠨ ᠬᠦᠪᠡᠭᠦᠳ ᠦᠬᠢᠳ ᠤᠨ ᠨᠠᠮ ᠢᠶᠠᠨ ᠬᠠᠶᠢᠷᠠᠯᠠᠬᠤ ᠤᠶᠤᠨ ᠰᠠᠨᠠᠭᠠᠨ ᠤ ᠲᠦᠷᠰᠦ ᠪᠠᠶᠢᠳᠠᠯ ᠢ ᠪᠦᠬᠦ ᠤᠯᠤᠰ ᠤᠨ ᠠᠷᠠᠳ ᠲᠦᠮᠡᠨ ᠳᠤ ᠮᠡᠳᠡᠭᠦᠯᠦᠨ᠂ ᠦᠪᠦᠷ ᠮᠤᠩᠭᠤᠯ ᠤᠨ ᠰᠤᠳᠤᠨ ᠰᠠᠶᠢᠬᠠᠨ ᠦᠯᠢᠭᠡᠷ ᠢ ᠲᠡᠯᠡᠬᠡᠢ ᠳ᠋ᠠᠬᠢᠨ ᠳᠤ ᠶᠠᠷᠢᠵᠤ ᠦᠭᠭᠦ ᠶᠢ ᠬᠦᠰᠡᠵᠤ ᠪᠠᠶᠢᠨ᠎ᠠ ᠬᠡᠪᠡ᠃      ᠦᠳᠡ ᠶᠢᠨ ᠬᠤᠶᠢᠨ᠎ᠠ᠂ ᠰᠤᠷᠪᠤᠯᠵᠢᠯᠠᠭ᠎ᠠ ᠶᠢᠨ ᠪᠦᠯᠬᠦᠮ ᠤᠯᠠᠭᠠᠨᠬᠦᠦ ᠶᠢᠨ ᠲᠤᠷᠠᠰᠬᠠᠯ ᠤᠨ ᠤᠷᠳᠤᠨ ᠳᠤ ᠬᠦᠷᠴᠤ᠂ ᠠᠭᠤᠤ ᠬᠦᠮᠦᠰ ᠢ ᠲᠤᠷᠠᠰᠤᠨ ᠰᠠᠨᠠᠭᠠᠯᠵᠠᠬᠤ ᠶᠢᠨ ᠬᠠᠮᠳᠤ ᠨᠠᠮ ᠳᠤ ᠤᠷᠤᠬᠤ ᠲᠠᠩᠭᠠᠷᠢᠭ ᠢ ᠲᠠᠬᠢᠨ ᠲᠠᠩᠭᠠᠷᠢᠬᠯᠠᠨ᠂ ᠬᠤᠪᠢᠰᠬᠠᠯ ᠤᠨ ᠬᠦᠮᠦᠵᠢᠯ ᠬᠦᠷᠳᠡᠵᠤ᠂ ᠦᠪᠦᠷ ᠮᠤᠩᠭᠤᠯ ᠤᠨ ᠬᠤᠪᠢᠰᠬᠠᠯ ᠤᠨ ᠲᠡᠤᠭᠡ ᠶᠢ ᠤᠶᠢᠯᠠᠭᠠᠪᠠ᠃ ᠨᠠᠶᠢᠷᠠᠭᠤᠯᠤᠬᠴᠢ ᠰᠤᠷᠪᠤᠯᠵᠢᠯᠠᠬᠴᠢᠳ ᠳ᠋ᠠ ᠱᠧᠩ ᠺᠦᠢ ᠮᠦᠽᠸᠢ ᠳᠤ ᠮᠤᠩᠭᠤᠯ ᠦᠨᠳᠦᠰᠦᠳᠡᠨ ᠤ ᠤᠯᠠᠮᠵᠢᠯᠡᠯᠳᠦ ᠰᠤᠶᠤᠯ ᠪᠠ ᠭᠠᠷ ᠤᠷᠠᠯᠠᠯ ᠤᠨ ᠪᠦᠳᠦᠭᠡᠭᠳᠡᠭᠦᠨ ᠢ ᠰᠤᠨᠢᠷᠬᠠᠵᠠᠭᠠᠪᠠ᠃      ᠲᠤᠰ ᠤᠷᠤᠢ᠂ ᠰᠤᠷᠪᠤᠯᠵᠢᠯᠠᠭ᠎ᠠ ᠶᠢᠨ ᠪᠦᠯᠬᠦᠮ ︽ᠲᠠᠯ᠎ᠠ ᠨᠤᠳᠤᠭ ᠤᠨ ᠪᠢᠴᠢᠬᠠᠨ ᠪᠠᠭᠠᠳᠤᠷ ᠡᠭᠡᠴᠢ ᠦᠬᠢᠨ ᠲᠡᠭᠦᠦ︾ ᠶᠢ ᠰᠤᠨᠢᠷᠬᠠᠬᠤ ᠶᠢᠨ ᠬᠠᠮᠳᠤ ︽ᠲᠠᠯ᠎ᠠ ᠨᠤᠳᠤᠭ ᠤᠨ ᠪᠢᠴᠢᠬᠠᠨ ᠪᠠᠭᠠᠳᠤᠷ ᠡᠭᠡᠴᠢ ᠦᠬᠢᠨ ᠲᠡᠭᠦᠦ︾ — ᠯᠦᠩ ᠮᠸᠢ᠂ ᠢᠤᠢ ᠷᠦᠩ ᠲᠠᠢ ᠬᠠᠮᠳᠤ ᠲᠡᠤᠭᠡᠳᠦ ᠦᠯᠢᠭᠡᠷ ᠢ ᠡᠷᠬᠢᠴᠡᠭᠦᠯᠵᠤ᠂ ᠲᠠᠯ᠎ᠠ ᠨᠤᠳᠤᠭ ᠤᠨ ᠬᠦᠪᠡᠭᠦᠳ ᠦᠬᠢᠳ ᠤᠨ ᠪᠠᠭᠠᠳᠤᠷᠯᠢᠭ ᠰᠦᠰᠦ ᠵᠤᠷᠢᠭ ᠢ ᠤᠶᠢᠯᠠᠭᠠᠵᠠᠢ᠃      6 ᠳ᠋ᠤᠭᠠᠷ ᠰᠠᠷ᠎ᠠ ᠶᠢᠨ 20 ᠤ ᠡᠳᠦᠷ ᠠᠴᠠ ᠰᠤᠷᠪᠤᠯᠵᠢᠯᠠᠭ᠎ᠠ ᠶᠢᠨ ᠪᠦᠯᠬᠦᠮ ᠵᠡᠭᠦᠨ ᠪᠠᠷᠠᠭᠤᠨ ᠵᠠᠮ ᠬᠤᠪᠢᠶᠠᠵᠤ ᠡᠯ᠎ᠠ ᠠᠶᠢᠮᠠᠭ ᠬᠤᠳᠠ ᠶᠢᠨ ᠦᠨᠳᠦᠰᠦᠨ ᠱᠠᠳᠤᠨ ᠤ ᠨᠢᠭᠡᠳᠦᠭᠡᠷ ᠹᠷᠤᠨᠲ ᠲᠤ ᠬᠦᠨᠵᠡᠭᠡᠶᠢᠷᠡᠨ ᠰᠤᠷᠪᠤᠯᠵᠢᠯᠠᠨ ᠮᠡᠳᠡᠭᠡᠯᠡᠭᠦ ᠪᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ  ᠤᠨ ᠰᠣᠨᠢᠨ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号