ᠬᠥᠯᠥᠨ ᠪᠤᠶᠢᠷ ᠬᠤᠲᠠ ᠥᠯᠥ ᠬᠥᠳᠡᠯᠬᠦ ᠬᠥᠷᠥᠩᠭᠡ ᠶᠢ ᠳᠠᠩᠰᠠᠯᠠᠬᠤ ᠠᠵᠢᠯ ᠢ ᠬᠠᠮᠤᠭ ᠤᠨ ᠦᠨᠳᠦᠰᠦᠨ ᠱᠠᠲᠤᠨ ᠳᠤ ᠬᠦᠷᠲᠡᠯ᠎ᠡ ᠦᠷᠬᠦᠯᠵᠢᠯᠡᠬᠦᠯᠪᠡ
ᠨᠡᠶᠢᠲᠡᠯᠡᠭᠰᠡᠨ ᠴᠠᠭ᠄
2017/6/20
      ᠦᠢᠷ᠎ᠠ ᠳᠤ᠂ ᠬᠦᠯᠦᠨ ᠪᠤᠶᠢᠷ ᠬᠤᠳᠠ ᠶᠢᠨ ᠬᠠᠭᠤᠴᠢᠨ ᠪᠠᠷᠭᠤ ᠬᠤᠰᠢᠭᠤᠨ ᠤ ᠪᠤᠷᠤᠰᠢᠯᠢ ᠥᠯᠥ ᠬᠥᠳᠡᠯᠬᠦ ᠬᠥᠷᠥᠩᠭᠡ ᠶᠢ ᠳᠠᠩᠰᠠᠯᠠᠬᠤ ᠥᠷᠲᠡᠭᠡ ᠪᠤᠯᠤᠨ ᠵᠡᠭᠦᠨ ᠦᠵᠦᠭᠦᠷ ᠥᠯᠥ ᠬᠥᠳᠡᠯᠬᠦ ᠬᠥᠷᠥᠩᠭᠡ ᠶᠢ ᠳᠠᠩᠰᠠᠯᠠᠬᠤ ᠥᠷᠲᠡᠭᠡ ᠪᠠᠶᠢᠭᠤᠯᠤᠭᠳᠠᠵᠤ᠂ ᠮᠠᠯᠴᠢᠨ ᠲᠠᠷᠢᠶᠠᠴᠢᠳ ᠲᠤ ᠥᠯᠥ ᠬᠥᠳᠡᠯᠬᠦ ᠬᠥᠷᠥᠩᠭᠡ ᠶᠢᠨ ᠥᠮᠴᠢᠯᠡᠬᠦ ᠡᠷᠬᠡ ᠶᠢᠨ ᠦᠨᠡᠮᠯᠡᠯ ᠤᠯᠭᠤᠭᠰᠠᠨ ᠶᠠᠪᠤᠳᠠᠯ ᠨᠢ᠂ ᠦᠯᠦ ᠬᠥᠳᠡᠯᠬᠦ ᠬᠦᠷᠦᠩᠭᠡ ᠶᠢᠨ ᠲᠠᠩᠰᠠᠯᠠᠯᠳᠠ ᠨᠢ ᠬᠠᠭᠤᠴᠢᠨ ᠪᠠᠷᠭᠤ ᠬᠤᠰᠢᠭᠤ ᠶᠢᠨ ᠦᠨᠳᠦᠰᠦᠨ ᠱᠠᠲᠤᠨ ᠳᠤ ᠰᠢᠭᠤᠳ ᠨᠡᠪᠲᠡᠷᠡᠭᠰᠡᠨ ᠢ ᠬᠠᠷᠠᠭᠤᠯᠵᠤ᠂ ᠪᠤᠷᠤᠰᠢᠯᠢ ᠥᠯᠥ ᠬᠥᠳᠡᠯᠬᠦ ᠬᠥᠷᠥᠩᠭᠡ ᠶᠢ ᠳᠠᠩᠰᠠᠯᠠᠬᠤ ᠥᠷᠲᠡᠭᠡ ᠪᠤᠯᠤᠨ ᠵᠡᠭᠦᠨ ᠦᠵᠦᠭᠦᠷ ᠥᠯᠥ ᠬᠥᠳᠡᠯᠬᠦ ᠬᠥᠷᠥᠩᠭᠡ ᠶᠢ ᠳᠠᠩᠰᠠᠯᠠᠬᠤ ᠥᠷᠲᠡᠭᠡ ᠪᠠᠷ ᠲᠥᠪ ᠪᠣᠯᠭᠠᠨ᠂ ᠡᠷᠭᠢᠨ ᠲᠣᠭᠤᠷᠢᠨ ᠢᠶᠠᠨ ᠨᠦᠯᠦᠭᠡᠯᠡᠵᠤ᠂ ᠬᠠᠭᠤᠴᠢᠨ ᠪᠠᠷᠭᠤ ᠬᠤᠰᠢᠭᠤ ᠶᠢᠨ ᠥᠯᠥ ᠬᠥᠳᠡᠯᠬᠦ ᠬᠥᠷᠥᠩᠭᠡ ᠶᠢ ᠳᠠᠩᠰᠠᠯᠠᠬᠤ ᠲᠥᠪ ᠯᠦᠭᠡ ᠦᠯᠦ ᠬᠥᠳᠡᠯᠬᠦ ᠬᠦᠷᠦᠩᠭᠡ ᠶᠢᠨ ᠲᠠᠩᠰᠠᠯᠠᠯᠳᠠ ᠶᠢ ᠬᠠᠮᠲᠤ ᠪᠠᠷ ᠬᠢᠵᠦ᠂ ᠪᠦᠭᠦ ᠣᠷᠣᠨ ᠪᠦᠰᠡ ᠶᠢ ᠪᠦᠷᠬᠦᠬᠦᠯᠬᠦ ᠶᠢ ᠪᠡᠶᠡᠯᠡᠬᠦᠯᠪᠡ᠃ ᠮᠠᠯᠵᠢᠬᠤ ᠲᠠᠷᠢᠶᠠᠯᠠᠬᠤ ᠣᠷᠣᠨ ᠤ ᠥᠯᠥ ᠬᠥᠳᠡᠯᠬᠦ ᠬᠥᠷᠥᠩᠭᠡ ᠶᠢ ᠳᠠᠩᠰᠠᠯᠠᠬᠤ ᠠᠵᠢᠯ ᠢ ᠰᠠᠶᠢᠲᠤᠷ  ᠬᠢᠬᠦ ᠨᠢ ᠮᠠᠯᠴᠢᠨ ᠲᠠᠷᠢᠶᠠᠴᠢᠨ ᠤ ᠲᠤᠰ ᠪᠡᠶ᠎ᠡ ᠶᠢᠨ ᠠᠰᠢᠭ ᠲᠤᠰᠠ ᠲᠠᠢ ᠨᠢ ᠬᠤᠯᠪᠤᠭᠳᠠᠬᠤ ᠪᠦᠭᠡᠳ ᠨᠠᠮ ᠪᠠ ᠵᠠᠰᠠᠭ ᠤᠨ ᠣᠷᠳᠣᠨ ᠤ ᠠᠷᠠᠳ ᠤᠨ ᠲᠥᠯᠥᠭᠡ ᠵᠠᠰᠠᠭ ᠪᠠᠷᠢᠬᠤ ᠶᠢᠨ ᠴᠢᠬᠤᠯᠠ ᠢᠯᠡᠷᠡᠯ ᠪᠤᠯᠤᠨ᠎ᠠ᠃ ᠪᠤᠷᠤᠰᠢᠯᠢ᠂ ᠵᠡᠭᠦᠨ ᠦᠵᠦᠭᠦᠷ ᠦᠯᠦ ᠬᠥᠳᠡᠯᠬᠦ ᠬᠦᠷᠦᠩᠭᠡ ᠶᠢᠨ ᠲᠠᠩᠰᠠᠯᠠᠯᠳᠠ ᠶᠢᠨ 2 ᠥᠷᠳᠡᠭᠡ ᠴᠥᠮ ᠦᠨᠡᠮᠯᠡᠯ ᠤᠯᠭᠤᠵᠤ ᠪᠤᠯᠬᠤ ᠶᠢ ᠳᠠᠭᠠᠯᠳᠤᠨ᠂ ᠡᠨᠡᠬᠦ ᠠᠵᠢᠯ ᠨᠢ ᠬᠠᠭᠤᠴᠢᠨ ᠪᠠᠷᠭᠤ ᠬᠤᠰᠢᠭᠤ ᠳᠤ ᠪᠥᠬᠦ ᠣᠷᠣᠨ ᠪᠦᠰᠡ ᠳᠤ ᠵᠠᠢ ᠵᠠᠪᠰᠠᠷ ᠦᠭᠡᠢ ᠵᠤᠯᠭᠠᠯᠳᠤᠭᠰᠠᠨ ᠢ ᠬᠠᠷᠠᠭᠤᠯᠪᠠ᠂ ᠡᠭᠦᠨ ᠤ ᠬᠠᠮᠲᠤ᠂ ᠥᠯᠥ ᠬᠥᠳᠡᠯᠬᠦ ᠬᠥᠷᠥᠩᠭᠡ ᠶᠢ ᠳᠠᠩᠰᠠᠯᠠᠬᠤ ᠥᠷᠲᠡᠭᠡ ᠪᠠᠶᠢᠭᠤᠯᠤᠭᠳᠠᠭᠰᠠᠨ ᠨᠢ ᠦᠨᠡᠮᠯᠡᠯ ᠣᠯᠭᠤᠬᠤ ᠠᠵᠢᠯ ᠤᠨ ᠦᠷ᠎ᠡ ᠪᠦᠲᠦᠭᠡᠯ ᠢ ᠨᠠᠭᠠᠳᠤ ᠵᠠᠬ᠎ᠠ ᠳᠤ ᠪᠠᠨ 50% ᠪᠠᠷ ᠳᠡᠭᠡᠭᠰᠢᠯᠡᠬᠦᠯᠵᠤ᠂ ᠦᠯᠦ ᠬᠥᠳᠡᠯᠬᠦ ᠬᠦᠷᠦᠩᠭᠡ ᠶᠢᠨ ᠲᠠᠩᠰᠠᠯᠠᠯᠳᠠ ᠶᠢᠨ ᠠᠵᠢᠯ ᠨᠢ ᠠᠷᠠᠳ ᠲᠤ ᠲᠥᠭᠦᠮ ᠦᠵᠡᠭᠦᠯᠵᠦ ᠠᠷᠠᠳ ᠲᠤ ᠲᠤᠰᠠ ᠬᠦᠷᠲᠡᠭᠡᠬᠦ ᠶᠢ ᠦᠨᠡᠨ ᠬᠦ ᠪᠡᠶᠡᠯᠡᠬᠦᠯᠵᠤ᠂ ᠥᠯᠥ ᠬᠥᠳᠡᠯᠬᠦ ᠬᠥᠷᠥᠩᠭᠡ ᠶᠢᠨ ᠨᠢᠭᠡᠳᠦᠯᠲᠡᠶ ᠳᠠᠩᠰᠠᠯᠠᠯᠲᠠ ᠶᠢᠨ ᠦᠶᠯᠡᠴᠢᠯᠡᠭᠡᠨ ᠢ ᠦᠷᠭᠡᠳᠭᠡᠭᠰᠡᠨ ᠰᠢᠨ᠎ᠡ ᠠᠷᠭ᠎ᠠ ᠬᠢᠳᠡᠯ ᠢ ᠡᠬᠢᠯᠡᠬᠦᠯᠦᠭᠰᠡᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号