ᠲᠦᠷᠦᠭᠦᠦ 5 ᠰᠠᠷ᠎ᠠ ᠳᠤ ᠥᠪᠥᠷ ᠮᠣᠩᠭᠤᠯ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠲᠡᠭ ᠠᠳᠠᠯᠢ ᠬᠤᠭᠤᠴᠠᠭᠠᠨ ᠤ ᠬᠢ ᠠᠴᠠ 6.4%᠎ ᠪᠠᠷ ᠨᠡᠮᠡᠭᠳᠡᠵᠡᠶ
ᠨᠡᠶᠢᠲᠡᠯᠡᠭᠰᠡᠨ ᠴᠠᠭ᠄
2017/6/22
     ᠡᠨᠡ ᠵᠢᠯ ᠤᠨ ᠲᠦᠷᠦᠭᠦᠦ 5 ᠰᠠᠷ᠎ᠠ ᠳᠤ᠂ ᠪᠦᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠲᠡᠭ ᠠᠳᠠᠯᠢ ᠬᠤᠭᠤᠴᠠᠭᠠᠨ ᠤ ᠬᠢ ᠠᠴᠠ 6.4 %᠎ ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ 1- 4 ᠳ᠋ᠦ᠋ᠭᠡᠷ ᠰᠠᠷ᠎ᠠ ᠶᠢᠨ ᠳᠤᠮᠳᠠᠴᠢ ᠨᠡᠮᠡᠭᠳᠡᠯ ᠤᠨ ᠬᠤᠷᠳᠤᠴᠠ ᠠᠴᠠ 0.2 ᠵᠠᠭᠤᠨ ᠤ ᠴᠡᠭ ᠳᠡᠭᠡᠭᠰᠢᠯᠡᠪᠡ᠃       ᠬᠥᠨᠳᠦ ᠬᠥᠩᠭᠡᠨ ᠠᠵᠤ ᠦᠢᠯᠡᠳᠪᠦᠷᠢ ᠎ ᠠᠴᠠ ᠦᠵᠡᠪᠡᠯ᠂ 1 - 5 ᠳ᠋ᠤᠭᠠᠷ ᠰᠠᠷ᠎ᠠ ᠳᠤ᠂ ᠪᠦᠬᠦ ᠣᠷᠣᠨ ᠤ ᠬᠦᠡᠭᠭᠡᠨ ᠠᠵᠤ ᠦᠢᠯᠡᠳᠪᠦᠷᠢ ᠶᠢᠨ ᠨᠡᠮᠡᠭᠳᠡᠯ ᠦᠷᠲᠡᠭ ᠠᠳᠠᠯᠢ ᠬᠤᠭᠤᠴᠠᠭᠠᠨ ᠤ ᠬᠢ ᠠᠴᠠ 7.5% ᠨᠡᠮᠡᠭᠳᠡᠵᠦ᠂ ᠬᠦᠨᠳᠦ ᠠᠵᠤ ᠦᠢᠯᠡᠳᠪᠦᠷᠢ ᠶᠢᠨ ᠨᠡᠮᠡᠭᠳᠡᠯ ᠦᠷᠲᠡᠭ ᠠᠳᠠᠯᠢ ᠬᠤᠭᠤᠴᠠᠭᠠᠨ ᠤ ᠬᠢ ᠠᠴᠠ 6.2% ᠨᠡᠮᠡᠭᠳᠡᠪᠡ᠃ ᠭᠤᠣᠯ ᠲᠤᠯᠭᠠᠭᠤᠷᠢ ᠠᠵᠤ ᠦᠢᠯᠡᠰ ᠠᠴᠠ ᠦᠵᠡᠪᠡᠯ᠂ 1 - 5 ᠳ᠋ᠤᠭᠠᠷ ᠰᠠᠷ᠎ᠠ ᠳᠤ᠂ ᠪᠦᠬᠦ ᠣᠷᠣᠨ ᠤ ᠡᠨᠧᠷᠭᠢ ᠶᠢᠨ ᠠᠵᠤ ᠦᠢᠯᠡᠳᠪᠦᠷᠢ ᠶᠢᠨ ᠨᠡᠮᠡᠭᠳᠡᠯ ᠦᠷᠲᠡᠭ ᠠᠳᠠᠯᠢ ᠬᠤᠭᠤᠴᠠᠭᠠᠨ ᠤ ᠬᠢ ᠠᠴᠠ 6.6% ᠨᠡᠮᠡᠭᠳᠡᠵᠦ ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠳᠤ ᠦᠵᠡᠭᠦᠯᠬᠦ ᠬᠤᠪᠢ ᠨᠡᠮᠡᠷᠢ ᠶᠢᠨ ᠨᠣᠷᠮ᠎ᠠ ᠨᠢ 45.8% ᠪᠣᠯᠪᠠ︔  ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠦᠨ ᠪᠣᠯᠪᠠᠰᠤᠷᠠᠭᠤᠯᠬᠤ ᠠᠵᠤ ᠦᠢᠯᠡᠰ ᠤᠨ ᠨᠡᠮᠡᠭᠳᠡᠯ ᠦᠷᠲᠡᠭ ᠠᠳᠠᠯᠢ ᠬᠤᠭᠤᠴᠠᠭᠠᠨ ᠤ ᠬᠢ ᠠᠴᠠ 11.2%᠎ ᠢᠶᠠᠷ ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠳᠤ ᠦᠵᠡᠭᠦᠯᠬᠦ ᠬᠤᠪᠢ ᠨᠡᠮᠡᠷᠢ ᠶᠢᠨ ᠨᠤᠷᠮ᠎ᠠ ᠨᠢ 24.8% ᠪᠣᠯᠪᠠ︔ ᠲᠣᠨᠣᠭᠯᠠᠯ ᠦᠢᠯᠡᠳᠬᠦ ᠦᠢᠯᠡᠰ ᠤᠨ ᠨᠡᠮᠡᠭᠳᠡᠯ ᠦᠷᠲᠡᠭ ᠠᠳᠠᠯᠢ ᠬᠤᠭᠤᠴᠠᠭᠠᠨ ᠤ ᠬᠢ ᠠᠴᠠ 28.6% ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠳᠤ ᠦᠵᠡᠭᠦᠯᠬᠦ ᠬᠤᠪᠢ ᠨᠡᠮᠡᠷᠢ ᠶᠢᠨ ᠨᠣᠷᠮ᠎ᠠ ᠨᠢ 21.0% ᠪᠣᠯᠪᠠ᠃ ᠦᠢᠯᠡᠳᠬᠦᠨ ᠤ ᠭᠠᠷᠤᠯᠲᠠ ᠠᠴᠠ ᠦᠵᠡᠪᠡᠯ᠂ 1 - 5 ᠳ᠋ᠤᠭᠠᠷ ᠰᠠᠷ᠎ᠠ ᠳᠤ᠂ ᠪᠥᠬᠦ ᠣᠷᠣᠨ ᠤ ᠪᠦᠷᠢᠳᠬᠡᠭᠰᠡᠨ ᠭᠤᠣᠯ ᠪᠣᠯᠬᠤ ᠠᠵᠤ ᠦᠢᠯᠡᠳᠪᠦᠷᠢ ᠶᠢᠨ 29 ᠵᠦᠢᠯ ᠤᠨ ᠦᠢᠯᠡᠳᠬᠦᠨ ᠤ ᠭᠠᠷᠤᠯᠲᠠ ᠲᠤᠲᠤᠷ᠎ᠠ 19 ᠵᠦᠢᠯ ᠤᠨ ᠦᠢᠯᠡᠳᠬᠦᠨ ᠤ ᠭᠠᠷᠤᠯᠲᠠ ᠨᠢ ᠨᠡᠮᠡᠭᠳᠡᠵᠦ᠂ ᠭᠤᠣᠯ ᠠᠵᠤ ᠦᠢᠯᠡᠳᠪᠦᠷᠢ ᠶᠢᠨ ᠲᠦᠷᠦᠯ ᠵᠦᠢᠯ ᠤᠨ 65.5%᠎ ᠶᠢ ᠨᠢ ᠡᠵᠡᠯᠡᠵᠡᠢ᠃ ᠡᠭᠦᠨ ᠳᠤ᠄ ᠪᠣᠷᠣ ᠨᠡᠭᠦᠷᠡᠰᠦᠨ ᠤ ᠭᠠᠷᠤᠯᠲᠠ ᠠᠳᠠᠯᠢ ᠬᠤᠭᠤᠴᠠᠭᠠᠨ ᠤ ᠬᠢ ᠠᠴᠠ 13.4% ᠨᠡᠮᠡᠭᠳᠡᠵᠦ᠂ ᠰᠢᠷᠡᠮᠦ ᠶᠢᠨ ᠭᠠᠷᠤᠯᠲᠠ ᠠᠳᠠᠯᠢ ᠬᠤᠭᠤᠴᠠᠭᠠᠨ ᠤ ᠬᠢ ᠠᠴᠠ 11.7%᠎  ᠨᠡᠮᠡᠭᠳᠡᠵᠦ᠂ ᠲᠦᠭᠦᠬᠡᠢ ᠪᠤᠯᠤᠳ ᠶᠢᠨ ᠭᠠᠷᠤᠯᠲᠠ ᠠᠳᠠᠯᠢ ᠬᠤᠭᠤᠴᠠᠭᠠᠨ ᠤ ᠬᠢ ᠠᠴᠠ 8.7%᠎  ᠨᠡᠮᠡᠭᠳᠡᠵᠦ᠂ ᠪᠤᠯᠤᠳ ᠮᠠᠲ᠋ᠧᠷᠢᠶᠠᠯ ᠤᠨ ᠭᠠᠷᠤᠯᠲᠠ ᠠᠳᠠᠯᠢ ᠬᠤᠭᠤᠴᠠᠭᠠᠨ ᠤ ᠬᠢ ᠠᠴᠠ 9.6% ᠨᠡᠮᠡᠭᠳᠡᠵᠦ᠂ ᠳᠠᠩ ᠲᠠᠯᠠᠰᠲᠤ ᠴᠠᠬᠢᠭᠤᠷ ᠎ ᠤᠨ ᠭᠠᠷᠤᠯᠲᠠ ᠠᠳᠠᠯᠢ ᠬᠤᠭᠤᠴᠠᠭᠠᠨ ᠤ ᠬᠢ ᠠᠴᠠ 73.5% ᠨᠡᠮᠡᠭᠳᠡᠵᠦ᠂ ᠬᠢᠮᠢ ᠶᠢᠨ ᠪᠤᠷᠳᠤᠭᠤᠷ ᠤᠨ ᠭᠠᠷᠤᠯᠲᠠ ᠠᠳᠠᠯᠢ ᠬᠤᠭᠤᠴᠠᠭᠠᠨ ᠤ ᠬᠢ ᠠᠴᠠ 21.3% ᠨᠡᠮᠡᠭᠳᠡᠵᠦ᠂ ᠴᠠᠭᠠᠨ ᠢᠳᠡᠭᠡᠨ ᠤ ᠭᠠᠷᠤᠯᠲᠠ ᠠᠳᠠᠯᠢ ᠬᠤᠭᠤᠴᠠᠭᠠᠨ ᠤ ᠬᠢ ᠠᠴᠠ12.9% ᠨᠡᠮᠡᠭᠳᠡᠵᠡᠶ᠃ ᠠᠵᠤ ᠦᠢᠯᠡᠳᠪᠦᠷᠢ ᠶᠢᠨ ᠦᠢᠯᠡᠳᠭᠦᠨ ᠤ ᠦᠢᠯᠡᠳᠪᠦᠷᠢᠯᠡᠯ ᠪᠣᠷᠣᠯᠠᠭᠤᠯᠭ᠎ᠠ ᠶᠢ ᠵᠣᠯᠭᠠᠭᠤᠯᠬᠤ ᠨᠢ ᠰᠠᠶᠢᠵᠢᠷᠠᠯᠲᠠ ᠲᠠᠢ ᠪᠤᠯᠵᠤ᠂ 1 - 5 ᠳ᠋ᠤᠭᠠᠷ ᠰᠠᠷ᠎ᠠ ᠳᠤ᠂ ᠪᠦᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠦᠢᠯᠡᠳᠪᠦᠷᠢᠯᠡᠯ ᠪᠣᠷᠣᠯᠠᠭᠤᠯᠭ᠎ᠠ ᠶᠢᠨ ᠨᠤᠷᠮ᠎ᠠ 96.3%᠎ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.3 ᠵᠠᠭᠤᠨ ᠤ ᠴᠡᠭ ᠳᠡᠭᠡᠭᠰᠢᠯᠡᠪᠡ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号