ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠪᠠᠶᠢᠩᠭᠤ ᠶᠢᠨ ᠬᠤᠷᠢᠶ᠎ᠠ ᠶᠢᠨ ᠬᠤᠷᠠᠯ ᠬᠤᠷᠠᠯᠳᠤᠵᠤ  ᠯᠢ ᠵᠢᠢ ᠾᠧᠩ ᠬᠤᠷᠠᠯ ᠡᠷᠬᠢᠯᠡᠪᠡ
ᠨᠡᠶᠢᠲᠡᠯᠡᠭᠰᠡᠨ ᠴᠠᠭ᠄
2017/6/22
      6 ᠳ᠋ᠤᠭᠠᠷ ᠰᠠᠷ᠎ᠠ ᠶᠢᠨ 21᠎ ᠤ ᠡᠳᠦᠷ ᠤᠨ ᠦᠳᠡ ᠶᠢᠨ ᠡᠮᠦᠨ᠎ᠠ᠂ ᠦᠪᠡᠷᠳᠡᠭᠡᠨ ᠵᠠᠰᠬᠠᠤ ᠤᠷᠤᠨ ᠤ ᠨᠠᠮ ᠎ ᠤᠨ ᠬᠤᠷᠢᠶ᠎ᠠ ᠪᠠᠶᠢᠩᠭᠤ ᠶᠢᠨ ᠬᠤᠷᠢᠶ᠎ᠠ ᠶᠢᠨ ᠬᠤᠷᠠᠯ ᠬᠤᠷᠠᠯᠳᠤᠭᠤᠯᠵᠤ᠂ ᠲᠦᠪ ᠤᠨ ᠬᠤᠶᠠᠳᠤᠭᠠᠷ ᠡᠭᠡᠯᠵᠢ ᠶᠢᠨ ᠲᠤᠭᠤᠷᠢᠨ ᠪᠠᠶᠢᠴᠠᠭᠠᠬᠤ ᠲᠤᠭᠤᠶᠢᠯᠠᠩ ᠤᠨ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠳᠤ ᠲᠤᠭᠤᠷᠢᠨ ᠪᠠᠶᠢᠴᠠᠭᠠᠵᠤ ︽ᠡᠷᠬᠢᠨ ᠬᠠᠷᠠᠬᠤ︾ ᠬᠠᠷᠢᠭᠤ ᠲᠤᠰᠬᠠᠭᠰᠠᠨ ᠰᠠᠨᠠᠯ ᠢ ᠲᠤᠰᠬᠠᠢ ᠴᠡᠭᠴᠡᠯᠡᠨ ᠵᠠᠰᠠᠬᠤ ᠠᠵᠢᠯ ᠢ ᠰᠤᠳᠤᠯᠤᠨ ᠪᠠᠶᠢᠷᠢᠯᠠᠭᠤᠯᠵᠤ᠂ ︽ᠲᠦᠪ ᠤᠨ ᠨᠠᠢᠮᠠᠨ ᠲᠤᠬᠳᠠᠭᠠᠯ ᠤᠨ ᠵᠤᠷᠢᠭ ᠰᠠᠨᠠᠭ᠎ᠠ ᠠᠴᠠ ᠵᠦᠷᠢᠴᠡᠭᠰᠡᠨ ᠪᠠ ︿ᠲᠦᠷᠪᠡᠨ ᠰᠤᠷᠳᠠᠯ﹀᠎ ᠤᠨ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠶᠢ ᠬᠦᠨᠵᠡᠭᠡᠢ ᠦᠷᠨᠢᠭᠦᠯᠭᠦ ᠲᠤᠬᠠᠢ ᠲᠦᠰᠦᠯ︾ ︽ᠠᠮᠢ ᠠᠬᠤᠢ ᠶᠢᠨ ᠠᠮᠣᠷ ᠲᠦᠪᠰᠢᠨ ᠤ ᠬᠠᠯᠬᠠᠪᠴᠢ ᠶᠢ ᠪᠦᠳᠦᠭᠡᠨ ᠪᠠᠶᠢᠭᠤᠯᠬᠤ ᠳᠣᠮᠳᠠ ᠣᠷᠣᠰᠢᠵᠣ ᠪᠠᠶᠢᠭ᠎ᠠ ᠠᠰᠠᠭᠤᠳᠠᠯ ᠢ ᠳᠣᠰᠬᠠᠢ ᠴᠡᠭᠴᠡᠯᠡᠨ ᠵᠠᠰᠠᠬᠤ ᠲᠦᠰᠦᠯ︾ ︽︿ᠲᠦᠪ ᠤᠨ ᠲᠥᠢᠯ ᠤᠨ ᠣᠨᠤᠪᠴᠢᠲᠠᠢ ᠪᠠᠷ ᠶᠠᠳᠠᠭᠤ ᠶᠢ ᠲᠡᠳᠭᠦᠭᠦ ᠲᠦᠷᠦ ᠶᠢᠨ ᠪᠤᠳᠤᠯᠭ᠎ᠠ ᠶᠢ ᠬᠡᠷᠡᠭᠵᠢᠭᠦᠯᠦᠭᠰᠡᠨ ᠨᠢ ᠬᠦᠷᠦᠯᠴᠡᠭᠦ ᠦᠭᠡᠢ﹀ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠲᠦᠰᠦᠯ︾ ︽ᠠᠵᠤ ᠠᠬᠤᠢ ᠶᠢᠨ ᠲᠤᠭ᠎ᠠ ᠪᠠᠷᠢᠮᠳᠠ ᠶᠢ ᠬᠠᠭᠤᠷᠮᠠᠭ ᠢᠶᠠᠷ ᠵᠤᠬᠢᠶᠠᠬᠰᠠᠨ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠲᠦᠰᠦᠯ︾ ︽ᠤᠯᠤᠰ ᠤᠨ ᠭᠠᠵᠠᠷ ᠰᠢᠷᠣᠢ ᠡᠬᠢ ᠪᠠᠶᠠᠯᠢᠭ ᠪᠠ ᠠᠭᠤᠷᠬᠠᠢ ᠶᠢᠨ ᠡᠬᠢ ᠪᠠᠶᠠᠯᠢᠭ ᠢ ᠨᠡᠭᠡᠭᠡᠨ ᠬᠦᠭᠵᠢᠭᠦᠯᠭᠦ ᠵᠡᠷᠭᠡ ᠬᠦᠷᠢᠶᠡᠨ ᠳᠠᠬᠢ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠲᠦᠰᠦᠯ︾ ᠵᠡᠷᠭᠡ ᠠᠵᠢᠯ ᠤᠨ ᠲᠦᠰᠦᠯ ᠢ ᠬᠢᠨᠠᠨ ᠵᠦᠪᠯᠡᠵᠤ ᠪᠠᠳᠤᠯᠠᠪᠠ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠾᠧᠩ ᠬᠤᠷᠠᠯ ᠡᠷᠬᠢᠯᠡᠵᠡᠢ᠃      ᠬᠤᠷᠠᠯ ᠠᠴᠠ᠂ ᠲᠦᠪ ᠤᠨ ᠲᠤᠭᠤᠷᠢᠨ ᠪᠠᠶᠢᠴᠠᠭᠠᠬᠤ ᠲᠤᠭᠤᠶᠢᠯᠠᠩ ᠤᠨ ᠬᠠᠷᠢᠭᠤ ᠲᠤᠰᠬᠠᠬᠰᠠᠨ ᠬᠠᠮᠤᠷᠬᠤ ᠬᠡᠪᠴᠢᠶ᠎ᠡ ᠦᠷᠭᠡᠨ᠂ ᠠᠩᠬᠠᠷᠤᠯ ᠤᠨ ᠬᠡᠮᠵᠢᠶ᠎ᠠ ᠦᠨᠳᠦᠷ ᠵᠠᠷᠢᠮ ᠲᠤᠪᠤᠶᠢᠮ᠎ᠠ ᠠᠰᠠᠭᠤᠳᠠᠯ ᠳᠤ ᠴᠢᠭᠯᠡᠭᠦᠯᠣᠨ ᠲᠤᠰᠬᠠᠢ ᠴᠡᠭᠴᠡᠯᠡᠨ ᠵᠠᠰᠠᠬᠤ ᠠᠵᠢᠯ ᠦᠷᠨᠢᠭᠦᠯᠭᠦ ᠨᠢ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠤᠭᠤᠷᠢᠨ ᠪᠠᠶᠢᠴᠠᠭᠠᠵᠤ ᠴᠡᠭᠴᠡᠯᠨᠨ ᠰᠠᠶᠢᠵᠢᠷᠠᠭᠤᠯᠬᠤ ᠠᠵᠢᠯ ᠤᠨ ᠴᠢᠬᠤᠯᠠ ᠠᠷᠭ᠎ᠠ ᠬᠡᠮᠵᠢᠶ᠎ᠠ ᠪᠣᠯᠬᠤ ᠪᠦᠭᠡᠳ ᠴᠢᠬᠤᠯᠠ ᠪᠠᠷᠢᠴᠠ ᠪᠤᠯᠤᠨ᠎ᠠ᠃ ᠲᠤᠰᠬᠠᠢ ᠴᠡᠭᠴᠡᠯᠡᠨ ᠵᠠᠰᠠᠬᠤ ᠠᠵᠢᠯ ᠢ ᠰᠠᠶᠢᠳᠤᠷ ᠠᠳᠬᠤᠵᠣ᠂ ᠲᠤᠪᠤᠶᠢᠮ᠎ᠠ ᠠᠰᠠᠭᠤᠳᠠᠯ ᠢ ᠲᠦᠪᠯᠡᠷᠡᠭᠦᠯᠦᠨ ᠰᠢᠢᠳᠪᠦᠷᠢᠯᠡᠭᠦ ᠨᠢ᠂ ᠤᠯᠤᠰ ᠲᠦᠷᠦ ᠶᠢᠨ ᠲᠤᠭᠤᠷᠢᠨ ᠪᠠᠶᠢᠴᠠᠭᠠᠬᠤ ᠱᠠᠭᠠᠷᠳᠠᠯᠭ᠎ᠠ ᠶᠢ ᠨᠡᠶᠢᠳᠡᠪᠦᠷᠢᠵᠢᠭᠤᠯᠬᠤ᠂ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠭᠦ ᠪᠠ ᠨᠠᠮ ᠢ ᠬᠠᠮᠢᠶᠠᠷᠴᠤ ᠨᠠᠮ ᠢ ᠵᠠᠰᠠᠬᠤ ᠲᠦᠪᠰᠢᠨ ᠢ ᠲᠡᠭᠡᠭᠰᠢᠯᠡᠭᠦᠯᠭᠦ᠂ ᠦᠭᠡᠷᠡᠴᠢᠯᠡᠯᠳᠡ ᠬᠦᠭᠵᠢᠯᠳᠡ ᠲᠤᠬᠳᠠᠭᠤᠨ ᠤ ᠠᠵᠢᠯ ᠎ ᠢ ᠠᠬᠢᠭᠤᠯᠬᠤ ᠳᠤ ᠴᠦᠮ ᠮᠠᠰᠢ ᠴᠢᠬᠤᠯᠠ ᠠᠴᠢ ᠬᠤᠯᠪᠤᠬᠳᠠᠯ ᠲᠠᠢ ᠬᠡᠵᠤ ᠵᠢᠭᠠᠵᠤ ᠭᠠᠷᠭᠠᠪᠠ᠃      ᠬᠤᠷᠠᠯ ᠠᠴᠠ᠂ ᠡᠯ᠎ᠠ ᠵᠦᠢᠯ ᠤᠨ ᠲᠤᠰᠬᠠᠢ ᠴᠡᠭᠴᠡᠯᠡᠨ ᠵᠠᠰᠠᠬᠤ ᠠᠵᠢᠯ ᠢ ᠲᠠᠭᠠᠭᠤᠯᠤᠨ ᠭᠦᠢᠴᠡᠳᠭᠡᠬᠦ ᠤᠳᠤᠷᠢᠳᠬᠤ ᠨᠦᠬᠦᠳ ᠤᠳᠤᠷᠢᠳᠤᠯᠭ᠎ᠠ ᠶᠢᠨ ᠬᠠᠷᠢᠭᠤᠴᠠᠯᠭ᠎ᠠ ᠪᠠᠨ ᠦᠨᠡᠨᠭᠦ ᠡᠭᠦᠷᠭᠡᠯᠡᠵᠤ᠂ ᠪᠡᠶ᠎ᠡ ᠪᠠᠷ ᠢᠶᠠᠨ ᠵᠢᠯᠤᠭᠤᠳᠬᠤ ᠮᠦᠷᠳᠡᠭᠡᠨ ᠪᠡᠶ᠎ᠡ ᠪᠠᠷ ᠢᠶᠠᠨ ᠤᠷᠤᠯᠴᠠᠵᠤ᠂ ᠬᠤᠷᠸ᠎ᠠ ᠵᠢᠯᠤᠭᠤᠳᠤᠯᠭ᠎ᠠ ᠶᠢ ᠠᠳᠬᠤᠬᠤ ᠮᠦᠷᠳᠡᠭᠡᠨ ᠪᠤᠳᠠᠳᠠᠢ ᠨᠡᠶᠢᠳᠡᠪᠦᠷᠢᠵᠢᠭᠤᠯᠬᠤ ᠶᠢ ᠠᠳᠬᠤᠵᠤ᠂ ᠨᠢᠭᠡᠳᠦᠭᠡᠷ ᠹᠷᠤᠨᠲ ᠲᠤ ᠬᠦᠨᠵᠡᠭᠡᠶᠢᠷᠡᠨ ᠦᠨᠡᠨ ᠪᠠᠶᠢᠳᠠᠯ ᠢ ᠡᠵᠡᠮᠰᠢᠨ᠂ ᠠᠵᠢᠯ ᠢ ᠨᠡᠶᠢᠳᠡᠪᠦᠷᠢᠵᠢᠭᠤᠯᠬᠤ ᠶᠢ ᠰᠢᠮᠳᠠᠭᠤᠯᠤᠨ ᠠᠬᠢᠭᠤᠯᠬᠤ ᠶᠢ ᠴᠢᠬᠤᠯᠠᠴᠢᠯᠠᠵᠤ᠂ ᠵᠠᠷᠴᠢᠮ ᠢ ᠪᠠᠷᠢᠮᠳᠠᠯᠠᠨ᠂ ᠵᠤᠷᠢᠬᠳᠠᠢ ᠠᠳᠬᠤᠨ ᠵᠤᠷᠢᠬᠳᠠᠢ ᠬᠠᠮᠢᠶᠠᠷᠴᠤ᠂ ᠲᠤᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠡᠷᠲᠡ ᠡᠳᠦᠷ ᠦᠷ᠎ᠡ ᠪᠦᠳᠦᠮᠵᠢ ᠤᠯᠬᠤ ᠶᠢ ᠠᠬᠢᠭᠤᠯᠬᠤ ᠬᠡᠷᠡᠭᠳᠡᠢ᠃ ᠬᠠᠮᠢᠶ᠎ᠠ ᠪᠦᠬᠦᠢ ᠬᠠᠷᠢᠭᠤᠴᠠᠯᠭᠠᠳᠣ ᠰᠠᠯᠠᠭ᠎ᠠ ᠮᠦᠴᠢᠷ ᠨᠢᠭᠡᠴᠡ ᠪᠠᠭᠠᠳᠤᠷ ᠢᠳᠡᠳᠡᠳ ᠭᠠᠷ ᠢᠶᠠᠨ ᠤᠭᠳᠤᠯᠵᠦ ᠬᠤᠤᠷ᠎ᠠ ᠲᠠᠶᠢᠯᠠᠬᠤ ᠰᠦᠰᠦ ᠵᠤᠷᠢᠭ ᠢᠶᠠᠷ᠂ ᠬᠠᠳᠠ ᠬᠠᠭᠠᠯᠵᠦ ᠮᠦᠷ ᠦᠯᠡᠳᠡᠭᠡᠭᠦ ᠪᠢᠷ᠎ᠡ ᠴᠢᠳᠠᠯ ᠢᠶᠠᠷ᠂ ᠲᠤᠬᠰᠢᠨ ᠡᠮ ᠢᠶᠠᠷ ᠬᠦᠨᠳᠤ ᠠᠷᠬᠠᠭ ᠢ ᠵᠠᠰᠠᠬᠤ ᠠᠷᠭ᠎ᠠ ᠬᠡᠮᠵᠢᠶ᠎ᠡ ᠪᠠᠷ ᠲᠦᠪ ᠤᠨ ᠲᠤᠭᠤᠷᠢᠨ ᠪᠠᠶᠢᠴᠠᠭᠠᠬᠤ ᠲᠤᠭᠤᠶᠢᠯᠠᠩ ᠤᠨ ᠬᠠᠷᠢᠭᠤ ᠲᠤᠰᠬᠠᠬᠰᠠᠨ ᠲᠤᠪᠤᠶᠢᠮ᠎ᠠ ᠠᠰᠠᠭᠤᠳᠠᠯ ᠳᠡᠭᠡᠷ᠎ᠡ ᠠᠩᠬᠠᠷᠣᠯ ᠢᠶᠠᠨ ᠲᠦᠪᠯᠡᠷᠡᠬᠦᠯᠵᠦ᠂ ᠲᠦᠪ ᠤᠨ ᠡᠯ᠎ᠠ ᠵᠦᠢᠯ ᠤᠨ ᠪᠠᠶᠢᠴᠠᠭᠠᠯᠳᠠ᠂ ᠰᠢᠮᠳᠠᠭᠤᠯᠤᠨ ᠪᠠᠶᠢᠴᠠᠭᠠᠯᠳᠠ᠂ ᠬᠢᠨᠠᠨ ᠪᠤᠳᠤᠯᠳᠠ ᠵᠢᠴᠢ ᠦᠪᠡᠷᠳᠡᠭᠡᠨ ᠵᠠᠰᠠᠬᠤ ᠤᠷᠤᠨ ᠤ ᠲᠤᠭᠤᠷᠢᠨ ᠪᠠᠶᠢᠴᠠᠭᠠᠵᠤ ᠲᠤᠭᠤᠷᠢᠨ ᠦᠵᠡᠭᠦ᠂ ᠰᠢᠮᠳᠠᠭᠤᠯᠤᠨ ᠪᠠᠶᠢᠴᠠᠭᠠᠬᠤ ᠲᠤᠮᠳᠠ ᠢᠯᠡᠷᠡᠭᠦᠯᠦᠭᠰᠡᠨ ᠪᠤᠳᠠᠳᠠᠢ ᠠᠰᠠᠭᠤᠳᠠᠯ ᠳᠡᠭᠡᠷ᠎ᠡ ᠠᠩᠬᠠᠷᠣᠯ ᠢᠶᠠᠨ ᠲᠦᠪᠯᠡᠷᠡᠭᠦᠯᠵᠦ᠂ ᠬᠠᠮᠢᠶ᠎ᠠ ᠪᠦᠬᠦᠢ ᠲᠠᠯ᠎ᠠ ᠶᠢᠨ ᠬᠢᠨ ᠢ ᠵᠠᠷᠯᠢᠬᠳᠠᠨ ᠲᠠᠷᠤᠢ ᠲᠦᠷᠭᠡᠨ ᠴᠡᠭᠴᠡᠯᠡᠨ ᠰᠠᠶᠢᠵᠢᠷᠠᠭᠤᠯᠵᠤ᠂ ᠬᠤᠭᠤᠴᠠᠭ᠎ᠠ ᠲᠤᠬᠳᠠᠭᠠᠨ ᠴᠡᠭᠴᠡᠯᠡᠨ ᠰᠠᠶᠢᠵᠢᠷᠠᠭᠤᠯᠵᠤ᠂ ᠠᠯᠳᠠᠭ᠎ᠠ ᠳᠣᠳᠠᠭᠳᠠᠯ ᠪᠤᠷᠤᠭᠤ ᠬᠡᠯᠪᠡᠷᠢᠯ ᠢ ᠪᠦᠬᠦ ᠲᠠᠯ᠎ᠠ ᠪᠠᠷ ᠵᠠᠯᠠᠷᠠᠭᠤᠯᠵᠤ᠂ ᠴᠢᠩᠭ᠎ᠠ ᠪᠦᠭᠡᠳ ᠪᠤᠳᠠᠳᠠᠢ ᠵᠤᠷᠢᠭ ᠰᠠᠨᠠᠭ᠎ᠠ ᠪᠠᠷ ᠠᠰᠠᠭᠤᠳᠠᠯ ᠢ ᠰᠢᠢᠳᠪᠦᠷᠢᠯᠡᠨ᠂ ᠲᠤᠰᠬᠠᠢ ᠴᠡᠭᠴᠡᠯᠡᠨ ᠵᠠᠰᠠᠬᠤ ᠠᠵᠢᠯ ᠢ ᠵᠠᠪᠠᠯ ᠴᠢᠩᠭ᠎ᠠ ᠠᠳᠬᠤᠨ ᠰᠠᠶᠢᠳᠤᠷ ᠠᠳᠬᠤᠵᠤ᠂ ᠦᠷ᠎ᠡ ᠪᠦᠳᠦᠮᠵᠢ ᠭᠠᠷᠳᠠᠯ᠎ᠠ ᠠᠳᠬᠤᠵᠣ᠂ ᠪᠦᠬᠦ ᠲᠠᠯ᠎ᠠ ᠪᠠᠷ ᠴᠡᠭᠴᠡᠯᠡᠨ ᠰᠠᠶᠢᠵᠢᠷᠠᠭᠤᠯᠬᠤ ᠠᠵᠢᠯ ᠢ ᠰᠢᠪᠳᠤᠯᠤᠯᠳᠠ ᠭᠠᠷᠭᠠᠵᠦ ᠬᠦᠨᠵᠡᠬᠡᠢ ᠦᠷᠨᠢᠭᠦᠯᠬᠦ ᠶᠢ ᠲᠠᠶᠢᠴᠢᠯᠠᠬᠤ ᠬᠡᠷᠡᠭᠳᠡᠢ ᠬᠡᠵᠤ ᠱᠠᠭᠠᠷᠳᠠᠪᠠ᠃      ᠬᠤᠷᠠᠯ ᠠᠴᠠ᠂ ᠲᠦᠮᠡ ᠪᠣᠮᠠᠨ ᠤᠳᠠᠭ᠎ᠠ ᠳᠠᠶᠢᠴᠢᠯᠠᠬᠤ ᠨᠢ ᠨᠢᠭᠡ ᠤᠳᠠᠭ᠎ᠠ ᠬᠠᠷᠢᠭᠤᠴᠠᠯᠭ᠎ᠠ ᠲᠤᠯᠭᠠᠬᠤ ᠶᠢ ᠬᠦᠷᠭᠦ ᠦᠭᠡᠢ᠃ ᠲᠦᠪ ᠤᠨ ᠲᠤᠭᠤᠷᠢᠨ ᠪᠠᠶᠢᠴᠠᠭᠠᠬᠤ ᠲᠤᠭᠤᠶᠢᠯᠠᠩ ᠤᠨ ᠲᠤᠰᠢᠶᠠᠬᠰᠠᠨ ᠡᠯ᠎ᠠ ᠵᠦᠢᠯ ᠤᠨ ᠠᠰᠠᠭᠤᠳᠠᠯ ᠤᠨ ᠰᠦᠪᠡᠭᠴᠢ᠂ ᠲᠤᠰᠬᠠᠢ ᠴᠡᠭᠴᠡᠯᠡᠨ ᠵᠠᠰᠠᠬᠤ ᠠᠵᠢᠯ ᠲᠤᠮᠳᠠ ᠢᠯᠡᠷᠡᠭᠦᠯᠦᠭᠰᠡᠨ ᠬᠠᠣᠯᠢ ᠰᠠᠬᠢᠯᠭ᠎ᠠ ᠠᠴᠠ ᠵᠦᠷᠢᠴᠡᠭᠰᠡᠨ ᠠᠰᠠᠭᠤᠳᠠᠯ ᠢ ᠨᠢᠭᠡ ᠨᠢᠭᠡ ᠪᠠᠷ ᠬᠢᠨᠠᠮᠠᠭᠠᠢ ᠪᠠᠶᠢᠴᠠᠭᠠᠨ ᠬᠠᠷᠭᠤᠭᠤᠯᠵᠣ᠂ ᠬᠠᠤᠯᠢ ᠰᠠᠬᠢᠯᠭ᠎ᠠ ᠶᠣᠰᠣᠭᠠᠷ ᠴᠢᠩᠭ᠎ᠠ ᠰᠢᠢᠳᠪᠦᠷᠢᠯᠡᠭᠦ ᠬᠡᠷᠡᠭᠳᠡᠢ᠃ ᠤᠨᠴᠠᠭᠠᠶᠢᠯᠠᠨ ᠲᠦᠪ ᠤᠨ ᠨᠠᠢᠮᠠᠨ ᠲᠤᠬᠳᠠᠭᠠᠯ ᠤᠨ ᠵᠤᠷᠢᠭ ᠰᠠᠨᠠᠭ᠎ᠠ ᠠᠴᠠ ᠵᠦᠷᠢᠴᠡᠭᠰᠡᠨ ᠪᠠ ︽ᠲᠦᠷᠪᠡᠨ ᠰᠤᠷᠳᠠᠯ︾᠎ ᠤᠨ ᠲᠤᠪᠤᠶᠢᠮ᠎ᠠ ᠠᠰᠠᠭᠤᠳᠠᠯ᠂ ᠤᠯᠤᠰ ᠤᠨ ᠭᠠᠵᠠᠷ ᠰᠢᠷᠤᠢ ᠶᠢᠨ ᠡᠬᠢ ᠪᠠᠶᠠᠯᠢᠭ᠂ ᠠᠭᠤᠷᠬᠠᠢ ᠶᠢᠨ ᠡᠬᠢ ᠪᠠᠶᠠᠯᠢᠭ ᠢ ᠨᠡᠭᠡᠭᠡᠨ ᠬᠦᠭᠵᠢᠭᠦᠯᠭᠦ ᠬᠦᠷᠢᠶᠡᠨ ᠳᠠᠬᠢ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠳᠣᠮᠳᠠ ᠪᠠᠨ᠂ ᠴᠢᠨᠠᠭᠰᠢᠳᠠ ᠬᠦᠨᠵᠡᠭᠡᠢ ᠪᠠᠶᠢᠴᠠᠭᠠᠨ ᠨᠠᠷᠢᠯᠢᠭ ᠰᠤᠳᠤᠯᠵᠤ᠂ ᠴᠤᠬᠢᠯᠳᠠ ᠦᠭᠴᠤ ᠵᠠᠯᠬᠠᠭᠠᠨ ᠰᠢᠳᠭᠡᠭᠦ ᠡᠷᠴᠢᠮ ᠢᠶᠠᠨ ᠴᠢᠩᠭᠠᠷᠠᠭᠤᠯᠵᠦ᠂ ᠠᠶᠤᠯᠭᠠᠨᠰᠦᠷᠳᠡᠭᠦᠯᠭᠦ ᠰᠦᠷ ᠬᠦᠴᠦᠨ ᠢ ᠪᠦᠷᠢᠯᠳᠦᠭᠦᠯᠵᠦ᠂ ᠴᠡᠭᠡᠷᠯᠡᠯ ᠪᠤᠯᠭᠠᠬᠤ ᠬᠡᠷᠡᠭᠳᠡᠢ᠃ ᠰᠢᠮᠳᠠᠭᠤᠯᠤᠨ ᠪᠠᠶᠢᠴᠠᠭᠠᠵᠣ ᠰᠢᠮᠳᠠᠭᠤᠯᠤᠨ ᠵᠢᠯᠤᠭᠤᠳᠬᠤ ᠳᠦᠷᠢᠮ ᠢ ᠴᠢᠩᠭ᠎ᠠ ᠬᠡᠷᠡᠭᠵᠢᠭᠦᠯᠵᠤ᠂ ᠲᠤᠰᠬᠠᠢ ᠴᠡᠭᠴᠡᠯᠡᠨ ᠵᠠᠰᠠᠬᠤ ᠠᠵᠢᠯ ᠢ ᠠᠳᠬᠤᠭᠰᠠᠨ ᠨᠢ ᠴᠢᠩᠭ᠎ᠠ ᠪᠣᠰᠣ ᠪᠤᠳᠠᠳᠠᠢ ᠪᠤᠰᠤ ᠪᠣᠯ᠂ ᠰᠠᠨᠠᠭᠤᠯᠬᠤ ᠶᠤᠰᠤᠳᠠᠢ ᠶᠢ ᠨᠢ ᠰᠠᠨᠠᠭᠤᠯᠵᠤ᠂ ᠵᠠᠷᠯᠠᠨ ᠨᠡᠶᠢᠳᠡᠯᠡᠬᠦ ᠶᠤᠰᠤᠳᠠᠢ ᠶᠢ ᠨᠢ ᠵᠠᠷᠯᠠᠨ ᠨᠡᠶᠢᠳᠡᠯᠡᠵᠦ᠂ ᠴᠡᠭᠡᠷᠯᠡᠭᠦᠯᠭᠦ ᠶᠤᠰᠤᠳᠠᠢ ᠶᠢ ᠨᠢ ᠴᠡᠭᠡᠷᠯᠡᠭᠦᠯᠵᠤ᠂ ᠬᠠᠷᠢᠭᠤᠴᠠᠯᠭ᠎ᠠ ᠲᠤᠯᠭᠠᠬᠤ ᠶᠤᠰᠤᠳᠠᠢ ᠶᠢ ᠨᠢ ᠬᠠᠷᠢᠭᠤᠴᠠᠯᠭ᠎ᠠ ᠲᠤᠯᠭᠠᠵᠤ᠂ ᠡᠯ᠎ᠠ ᠱᠠᠳᠤ ᠡᠯ᠎ᠠ ᠰᠠᠯᠠᠭ᠎ᠠ ᠮᠦᠴᠢᠷ ᠎ ᠤᠨ ᠴᠢᠨᠠᠬᠰᠢᠳᠠ ᠬᠠᠷᠢᠭᠤᠴᠠᠯᠭ᠎ᠠ ᠡᠭᠦᠷᠭᠡᠯᠡᠨ ᠠᠰᠠᠭᠤᠳᠠᠯ ᠢ ᠰᠠᠶᠢᠳᠤᠷ ᠴᠡᠭᠴᠡᠯᠡᠨ ᠰᠠᠶᠢᠵᠢᠷᠠᠭᠤᠯᠬᠤ᠂ ᠠᠵᠢᠯ ᠢᠶᠠᠨ ᠯᠠᠪᠳᠠᠭᠤᠨ ᠪᠠᠳᠤᠳᠠᠢ ᠰᠠᠶᠢᠳᠤᠷ ᠬᠢᠭᠦ ᠶᠢ ᠬᠡᠳᠡᠷᠭᠦ ᠰᠢᠬᠠᠮᠳᠠᠭᠤᠯᠬᠤ ᠬᠡᠷᠡᠭᠳᠡᠢ ᠬᠡᠵᠤ ᠴᠢᠬᠤᠯᠠᠴᠢᠯᠠᠪᠠ᠃      ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号