ᠤᠷᠴᠢᠮᠬᠠᠨ᠂ ᠦᠬᠠᠶ ᠬᠤᠳᠠ ᠪᠦᠬᠦ ᠬᠤᠲᠠ ᠶᠢᠨ ᠬᠡᠪᠴᠢᠶᠡᠨ ᠳᠤ ᠢᠳᠡᠰᠢᠨ ᠤ ᠲᠠᠷᠢᠶᠠᠯᠠᠩ ᠤᠨ | ᠪᠦᠲᠦᠭᠡᠭᠳᠡᠬᠦᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠵᠠᠬ᠎ᠠ ᠳᠡᠯᠭᠡᠭᠦᠷ ︵ᠵᠢᠱᠢᠶ᠎ᠡ ᠦᠵᠡᠭᠦᠯᠬᠦ ᠳᠡᠯᠭᠡᠭᠦᠷ︶ | ᠤᠨ ᠪᠦᠳᠦᠭᠡᠨ ᠪᠠᠶᠢᠭᠤᠯᠤᠯᠲᠠ ᠶᠢᠨ ᠠᠵᠢᠯ ᠢ ᠦᠷᠨᠢᠭᠦᠯᠵᠦ᠂ ︽ᠢᠳᠡᠰᠢᠨ ᠤ ᠲᠠᠷᠢᠶᠠᠯᠠᠩ ᠤᠨ ᠪᠦᠲᠦᠭᠡᠭᠳᠡᠬᠦᠨ ᠤ | ᠵᠠᠬ᠎ᠠ ᠳᠡᠯᠭᠡᠭᠦᠷ ᠤᠨ ᠪᠣᠷᠣᠯᠠᠭᠤᠯᠤᠯᠲᠠ ᠶᠢᠨ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ | ᠠᠷᠭ᠎ᠠ︾ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠢᠳᠡᠰᠢᠨ ᠤ ᠲᠠᠷᠢᠶᠠᠯᠠᠩ ᠤᠨ ᠪᠦᠲᠦᠭᠡᠭᠳᠡᠬᠦᠨ ᠤ ᠶᠠᠰᠤ | ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠢᠳᠡᠰᠢᠨ ᠤ ᠲᠠᠷᠢᠶᠠᠯᠠᠩ ᠤᠨ | ᠪᠦᠲᠦᠭᠡᠭᠳᠡᠬᠦᠨ ᠤ ᠠᠷᠠᠯᠵᠢᠶᠠᠨ ᠤ ᠵᠠᠬ᠎ᠠ ᠳᠡᠯᠭᠡᠭᠦᠷ᠂ ᠡᠵᠡᠩᠨᠡᠯᠲᠡ ᠶᠢᠨ ᠨᠢᠭᠡᠴᠡ ᠶᠢᠨ ᠪᠡᠶᠡᠴᠢ ᠴᠣᠭᠴᠠ ᠶᠢᠨ | ᠬᠠᠷᠢᠭᠤᠴᠠᠯᠭ᠎ᠠ ᠶᠢ ᠴᠢᠩᠭᠠᠳᠬᠠᠵᠤ᠂ ᠳᠣᠲᠣᠭᠠᠳᠤ ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠵᠦ᠂ | ᠡᠵᠡᠩᠨᠡᠯᠲᠡ ᠶᠢᠨ ᠠᠵᠢᠯᠯᠠᠭ᠎ᠠ ᠶᠢ ᠵᠢᠷᠤᠮᠵᠢᠭᠤᠯᠵᠤ᠂ ᠪᠥᠬᠦ ᠬᠤᠲᠠ ᠶᠢᠨ ᠢᠳᠡᠭᠡᠨ ᠤ ᠠᠮᠤᠷ ᠲᠦᠪᠰᠢᠨ ᠤ | ᠠᠷᠠᠳ ᠤᠨ ᠠᠮᠢᠳᠤᠷᠠᠯ ᠤᠨ ᠢᠨᠵᠧᠨᠧᠷᠢᠩ ᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠠᠬᠢᠭᠤᠯᠵᠤ᠂ ᠵᠠᠬ᠎ᠠ ᠳᠡᠯᠭᠡᠭᠦᠷ | ᠴᠢᠬᠤᠯᠠᠴᠢᠯᠠᠨ ᠦᠵᠡᠬᠦ᠂ ᠨᠡᠶᠢᠭᠡᠮ ᠨᠡᠶᠢᠲᠡ ᠰᠡᠳᠬᠢᠯ ᠲᠠᠯᠪᠢᠬᠤ᠂ ᠬᠤᠳᠠ ᠶᠢᠨ ᠠᠷᠠᠳ ᠳᠡᠮᠵᠢᠬᠦ᠂ | ᠡᠵᠡᠩᠨᠡᠯᠲᠡ ᠶᠢᠨ ᠡᠷᠦᠬᠡ ᠢᠳᠡᠪᠬᠢᠲᠡᠶ ᠤᠷᠤᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠴᠢᠷᠮᠠᠶᠢᠨ ᠪᠤᠢ | ᠪᠣᠯᠭᠠᠵᠤ᠂ ᠪᠥᠬᠦ ᠬᠤᠲᠠ ᠶᠢᠨ ᠢᠳᠡᠰᠢᠨ ᠤ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ | ᠲᠦᠪᠰᠢᠨ ᠤ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠪᠠᠷ ᠲᠤᠭᠲᠠᠵᠠᠢ᠃ | ᠡᠯ᠎ᠡ ᠱᠠᠲᠤᠨ ᠤ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ︽ | ᠳᠥᠷᠪᠡᠨ ᠴᠢᠩᠭ᠎ᠠ︾ ᠶᠢᠨ ᠱᠠᠭᠠᠷᠳᠠᠯᠭ᠎ᠠ ᠪᠠᠷ ᠬᠠᠤᠯᠢ ᠬᠡᠷᠡᠭᠵᠢᠭᠦᠯᠬᠦ ᠳᠤ ᠬᠢᠨᠠᠯᠲᠠ ᠲᠠᠯᠪᠢᠬᠤ ᠡᠷᠴᠢᠮ ᠢᠶᠠᠨ | ᠴᠢᠩᠭᠠᠷᠠᠭᠤᠯᠵᠤ᠂ ᠵᠠᠬ᠎ᠠ ᠳᠡᠯᠭᠡᠭᠦᠷ ᠤᠨ ᠨᠡᠭᠡᠭᠡᠨ ᠡᠵᠡᠩᠨᠡᠭᠴᠢ ᠶᠢ ᠰᠢᠪᠠᠳᠠᠨ ᠱᠠᠭᠠᠷᠳᠠᠵᠤ ᠪᠠᠶᠢᠭᠠᠳ ᠲᠠᠯᠠᠪᠠᠶ ᠳᠤ | ᠣᠷᠣᠵᠤ ᠪᠣᠷᠣᠯᠠᠭᠤᠯᠤᠭᠴᠢᠳ ᠤᠨ ᠳᠠᠩᠰᠠ ᠡᠪᠬᠡᠮᠡᠯ ᠪᠠᠶᠢᠭᠤᠯᠵᠤ︔ ᠨᠢᠭᠡᠳᠦᠯᠲᠡᠶ ᠬᠡᠯᠪᠡᠷᠢ ᠶᠢᠨ ᠪᠤᠷᠤᠯᠠᠭᠤᠯᠬᠤ | ᠭᠡᠷᠡᠴᠢ ᠳᠡᠮᠳᠡᠭ᠂ ᠨᠢᠭᠡᠳᠦᠯᠲᠡᠶ ᠵᠠᠷᠯᠠᠯ ᠤᠨ ᠢᠯᠡᠷᠬᠡᠶᠢᠯᠡᠯ ᠢ ᠳᠠᠷᠤᠮᠠᠯᠯᠠᠵᠠᠢ︔ ᠵᠠᠬ᠎ᠠ ᠳᠡᠯᠭᠡᠭᠦᠷ ᠲᠤ ᠣᠷᠣᠬᠤ | ᠵᠥᠪᠰᠢᠶᠡᠷᠡᠯ ᠤᠨ ᠪᠣᠭᠤᠮᠲᠠ ᠶᠢ ᠴᠢᠩᠭ᠎ᠠ ᠠᠳᠬᠤᠵᠤ᠂ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠤ ᠠᠷᠢᠭᠤᠨ | ᠴᠡᠪᠡᠷ ᠢ ᠪᠠᠲᠤᠯᠠᠵᠠᠢ᠃ |