ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠲᠦᠪ ᠤᠨ ᠲᠤᠭᠤᠷᠢᠨ ᠪᠠᠶᠢᠴᠠᠭᠠᠬᠤ ᠲᠤᠭᠤᠶᠢᠯᠠᠩ | ᠤᠨ ︽ᠡᠷᠬᠢᠨ ᠬᠠᠷᠠᠬᠤ︾ ᠬᠠᠷᠢᠭᠤ ᠲᠤᠰᠬᠠᠬᠰᠠᠨ ᠰᠠᠨᠠᠯ ᠢ ᠴᠡᠭᠴᠡᠯᠡᠨ ᠰᠠᠶᠢᠵᠢᠷᠠᠭᠤᠯᠬᠤ ᠡᠭᠦᠷᠭᠡ ᠶᠢᠨ ᠲᠤᠬᠠᠢ | ᠲᠤᠰᠬᠠᠢ ᠰᠡᠳᠦᠪᠳᠤ ᠪᠠᠶᠢᠷᠢᠯᠠᠭᠤᠯᠤᠯᠳᠠ ᠶᠢᠨ ᠬᠤᠷᠠᠯ ᠬᠢᠪᠠ | ᠵᠠᠩ ᠵᠢᠶᠠᠨ ᠮᠢᠩ ᠶᠠᠷᠢᠶ᠎ᠠ ᠲᠠᠯᠪᠢᠵᠤ ᠸᠠᠩ ᠪᠦᠸᠧ ᠬᠤᠷᠠᠯ ᠡᠷᠬᠢᠯᠡᠵᠦ ᠠᠢ ᠯᠢ ᠬᠤᠸᠠ ᠬᠤᠷᠠᠯ ᠳᠤ | ᠣᠷᠣᠯᠴᠠᠵᠠᠢ | | ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠤᠭᠤᠷᠢᠨ ᠪᠠᠶᠢᠴᠠᠭᠠᠵᠤ ︽ᠡᠷᠬᠢᠨ ᠬᠠᠷᠠᠬᠤ︾ | ᠴᠡᠭᠴᠡᠯᠡᠨ ᠰᠠᠶᠢᠵᠢᠷᠠᠭᠤᠯᠬᠤ ᠲᠠᠶᠢᠴᠢᠯᠡᠯᠳᠡ ᠶᠢᠨ ᠠᠵᠢᠯ ᠤᠨ ᠪᠠᠶᠢᠷᠢᠯᠠᠭᠤᠯᠤᠯᠳᠠ ᠶᠢᠨ ᠱᠠᠭᠠᠷᠳᠠᠯᠭ᠎ᠠ ᠶᠢ | ᠦᠨᠳᠤᠰᠤᠯᠠᠵᠤ᠂ 6 ᠳ᠋ᠤᠭᠠᠷ ᠰᠠᠷ᠎ᠠ ᠶᠢᠨ 22 ᠤᠨ ᠦᠳᠡ ᠶᠢᠨ ᠡᠮᠦᠨ᠎ᠠ᠂ ᠦᠪᠡᠷᠳᠡᠭᠡᠨ ᠵᠠᠰᠠᠬᠤ ᠤᠷᠤᠨ ᠤ ᠵᠠᠰᠠᠭ | ᠤᠨ ᠤᠷᠳᠤᠨ ᠲᠦᠪ ᠤᠨ ᠲᠤᠭᠤᠷᠢᠨ ᠪᠠᠶᠢᠴᠠᠭᠠᠬᠤ ᠲᠤᠭᠤᠶᠢᠯᠠᠩ ᠤᠨ ︽ᠡᠷᠬᠢᠨ ᠬᠠᠷᠠᠬᠤ︾ ᠬᠠᠷᠢᠭᠤ | ᠲᠤᠰᠬᠠᠬᠰᠠᠨ ᠰᠠᠨᠠᠯ ᠢ ᠴᠡᠭᠴᠡᠯᠡᠨ ᠰᠠᠶᠢᠵᠢᠷᠠᠭᠤᠯᠬᠤ ᠡᠭᠦᠷᠭᠡ ᠶᠢᠨ ᠲᠤᠬᠠᠢ ᠲᠤᠰᠬᠠᠢ ᠰᠡᠳᠦᠪᠳᠤ ᠪᠠᠶᠢᠷᠢᠯᠠᠭᠤᠯᠤᠯᠳᠠ | ᠶᠢᠨ ᠬᠤᠷᠠᠯ ᠬᠢᠵᠤ᠂ ︽︿ᠮᠠᠨ ᠤ ᠤᠯᠤᠰ ᠤᠨ ᠤᠮᠠᠷᠠᠳᠦ ᠶᠢᠨ ᠴᠢᠬᠤᠯᠠ ᠠᠮᠢ ᠠᠬᠤᠢ ᠶᠢᠨ ᠬᠠᠯᠬᠠᠪᠴᠢ ᠶᠢ | ᠪᠦᠳᠦᠭᠡᠨ ᠪᠠᠶᠢᠭᠤᠯᠬᠤ ᠲᠠᠯ᠎ᠠ ᠪᠠᠷ ᠬᠦᠴᠦᠨ ᠬᠦᠷᠦᠯᠴᠡᠭᠦ ᠦᠭᠡᠢ ᠪᠠᠶᠢᠬᠤ﹀ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠠᠵᠢᠯ ᠤᠨ ᠬᠡᠷᠡᠭᠵᠢᠭᠦᠯᠭᠦ ᠲᠦᠰᠦᠯ︾ ᠵᠡᠷᠭᠡ 6 ᠴᠡᠭᠴᠡᠯᠡᠨ ᠰᠠᠶᠢᠵᠢᠷᠠᠭᠤᠯᠬᠤ ᠬᠡᠷᠡᠭᠵᠢᠭᠦᠯᠭᠦ | ᠲᠦᠰᠦᠯ ᠪᠠ ︽ᠤᠯᠤᠰ ᠤᠨ ᠭᠠᠵᠠᠷ ᠰᠢᠷᠤᠢ ᠡᠬᠢ ᠪᠠᠶᠠᠯᠢᠭ ᠪᠠ ᠠᠭᠤᠷᠬᠠᠢ ᠶᠢᠨ ᠡᠬᠢ ᠪᠠᠶᠠᠯᠢᠭ ᠢ ᠨᠡᠭᠡᠭᠡᠨ | ᠬᠦᠭᠵᠢᠭᠦᠯᠭᠦ ᠵᠡᠷᠭᠡ ᠬᠦᠷᠢᠶᠡᠨ ᠳᠠᠬᠢ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠲᠦᠰᠦᠯ︾ ᠵᠡᠷᠭᠡ 4 ᠲᠤᠰᠬᠠᠢ | ᠴᠡᠭᠴᠡᠯᠡᠨ ᠵᠠᠰᠠᠬᠤ ᠲᠦᠰᠦᠯ ᠢ ᠪᠠᠶᠢᠷᠢᠯᠠᠭᠤᠯᠤᠨ ᠨᠡᠶᠢᠳᠡᠪᠦᠷᠢᠵᠢᠭᠤᠯᠵᠠᠢ᠃ | ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠭᠦᠨ᠂ ᠦᠪᠡᠷᠳᠡᠭᠡᠨ ᠵᠠᠰᠠᠬᠤ | ᠤᠷᠤᠨ ᠤ ᠪᠠᠶᠢᠩᠭᠤ ᠶᠢᠨ ᠲᠡᠳ᠋ ᠲᠡᠷᠢᠭᠦᠯᠡᠭᠴᠢ ᠵᠠᠩ ᠵᠢᠶᠠᠨ ᠮᠢᠨ ᠬᠤᠷᠠᠯ ᠳᠤ ᠤᠷᠤᠯᠴᠠᠨ ᠶᠠᠷᠢᠶ᠎ᠠ ᠲᠠᠯᠪᠢᠵᠤ᠂ | ᠦᠪᠡᠷᠳᠡᠭᠡᠨ ᠵᠠᠰᠠᠬᠤ ᠤᠷᠤᠨ ᠤ ᠲᠠᠳ᠋ ᠲᠡᠷᠢᠬᠦᠯᠡᠭᠴᠢ ᠸᠠᠩ ᠪᠦᠸᠧ ᠬᠤᠷᠠᠯ ᠡᠷᠬᠢᠯᠡᠵᠤ᠂ ᠦᠪᠡᠷᠳᠡᠭᠡᠨ ᠵᠠᠰᠠᠬᠤ | ᠤᠷᠤᠨ ᠤ ᠲᠡᠳ᠋ ᠲᠡᠷᠢᠭᠦᠯᠡᠭᠴᠢ ᠠᠢ ᠯᠢ ᠬᠤᠸᠠ ᠬᠤᠷᠠᠯ ᠳᠤ ᠤᠷᠤᠯᠴᠠᠵᠠᠢ᠃ | ᠬᠤᠷᠡᠯ ᠠᠴᠠ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠤᠬᠢᠷᠠᠭᠤᠯᠤᠯᠳᠠ ᠪᠠᠷ᠂ | ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠴᠠᠭ ᠲᠤᠬᠠᠢ ᠳᠤᠨᠢ 6 ᠴᠡᠭᠴᠠᠯᠡᠨ ᠰᠠᠶᠢᠵᠢᠷᠠᠭᠤᠯᠬᠤ | ᠬᠡᠷᠡᠭᠵᠢᠭᠦᠯᠭᠦ ᠲᠦᠰᠦᠯ ᠪᠠ 4 ᠲᠤᠰᠬᠠᠢ ᠴᠡᠭᠴᠡᠯᠡᠨ ᠵᠠᠰᠠᠬᠤ ᠲᠦᠰᠦᠯ ᠢ ᠲᠤᠬᠳᠠᠭᠠᠪᠠ᠃ ᠡᠯ᠎ᠠ ᠬᠠᠷᠢᠭᠤᠴᠠᠯᠭᠠᠳᠦ | ᠨᠢᠭᠡᠴᠡ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠲᠦᠪ ᠪᠤᠯᠤᠨ ᠦᠪᠡᠷᠳᠡᠭᠡᠨ ᠵᠠᠰᠠᠬᠤ ᠤᠷᠤᠨ ᠤ ᠨᠠᠮ ᠤᠨ | ᠬᠤᠷᠢᠶ᠎ᠠ ᠶᠢᠨ ᠲᠤᠬᠢᠷᠠᠭᠤᠯᠤᠯᠳᠠ ᠪᠠᠶᠢᠷᠢᠯᠠᠭᠤᠯᠤᠯᠳᠠ ᠲᠠᠢ ᠨᠢᠭᠡᠳᠤᠯᠳᠠᠢ ᠪᠠᠶᠢᠯᠭᠠᠵᠤ᠂ ᠲᠤᠭᠤᠷᠢᠨ ᠪᠠᠶᠢᠴᠠᠭᠠᠵᠤ | ᠬᠠᠷᠢᠭᠤ ᠲᠤᠰᠬᠠᠬᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠤᠳᠤᠬᠠᠨ ᠤ ᠴᠢᠬᠤᠯᠠ ᠶᠡᠭᠡ ᠤᠯᠤᠰ | ᠲᠦᠷᠦ ᠶᠢᠨ ᠬᠠᠷᠢᠭᠤᠴᠠᠯᠭ᠎ᠠ ᠪᠠ ᠬᠠᠮᠤᠭ ᠤᠨ ᠴᠢᠬᠤᠯᠠ ᠤᠯᠤᠰ ᠲᠦᠷᠦ ᠶᠢᠨ ᠡᠭᠦᠷᠭᠡ ᠪᠤᠯᠭᠠᠵᠤ᠂ ᠲᠤᠭᠤᠷᠢᠨ | ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠳᠤᠷ ᠬᠢᠭᠦ ᠬᠡᠷᠡᠭᠳᠡᠢ ᠬᠡᠵᠤ | ᠵᠢᠭᠠᠵᠤ ᠭᠠᠷᠭᠠᠪᠠ᠃ | ᠬᠤᠷᠠᠯ ᠠᠴᠠ᠂ ᠤᠯᠤᠰ ᠲᠦᠷᠦ ᠶᠢᠨ ᠵᠤᠬᠰᠤᠯᠳᠠ ᠪᠠᠨ ᠲᠡᠭᠡᠭᠰᠢᠯᠡᠭᠦᠯᠦᠨ᠂ ᠠᠵᠢᠯᠯᠠᠭᠠᠨ ᠤ ᠤᠬᠠᠮᠰᠠᠷ ᠢᠶᠠᠨ | ᠴᠢᠩᠭᠠᠷᠠᠭᠤᠯᠵᠤ᠂ ᠴᠡᠭᠴᠡᠯᠡᠨ ᠰᠠᠶᠢᠵᠢᠷᠠᠭᠤᠯᠬᠤ ᠬᠡᠷᠡᠭᠵᠢᠭᠦᠯᠭᠦ ᠲᠦᠰᠦᠯ ᠪᠠ ᠲᠤᠰᠬᠠᠢ ᠴᠡᠭᠴᠡᠯᠡᠨ ᠵᠠᠰᠠᠬᠤ | ᠲᠦᠰᠦᠯ ᠳᠤ ᠲᠤᠬᠳᠠᠭᠠᠬᠰᠠᠨ ᠬᠠᠷᠠᠯᠳᠠ ᠡᠭᠦᠷᠭᠡ ᠲᠠᠢ ᠨᠢᠬᠳᠠ ᠤᠶᠠᠯᠳᠤᠵᠤ᠂ ᠦᠪᠡᠷᠳᠡᠭᠡᠨ ᠵᠠᠰᠠᠬᠤ ᠤᠷᠤᠨ ᠤ | ᠨᠠᠮ ᠤᠨ ᠬᠤᠷᠢᠶ᠎ᠠ ᠶᠢᠨ ᠴᠡᠭᠴᠡᠯᠨᠨ ᠰᠠᠶᠢᠵᠢᠷᠠᠭᠤᠯᠬᠤ ᠠᠵᠢᠯ ᠤᠨ ᠱᠠᠭᠠᠷᠳᠠᠯᠭ᠎ᠠ ᠪᠠᠷ ᠴᠠᠭ ᠤᠨ ᠬᠢᠵᠠᠭᠠᠷᠯᠡᠯ | ᠲᠤᠭᠳᠠᠭᠠᠨ᠂ ᠡᠯ᠎ᠠ ᠵᠦᠢᠯ ᠤᠨ ᠭᠤᠤᠯᠳᠠᠯᠭ᠎ᠠ ᠲᠠᠢ ᠴᠡᠭᠴᠠᠯᠡᠨ ᠰᠠᠶᠢᠵᠢᠷᠠᠭᠤᠯᠬᠤ ᠴᠡᠭᠴᠡᠯᠡᠨ ᠵᠠᠰᠠᠬᠤ ᠡᠭᠦᠷᠭᠡ ᠶᠢ | ᠲᠤᠭᠳᠠᠭᠰᠠᠨ ᠬᠤᠭᠤᠴᠠᠭᠠᠨ ᠳᠤ ᠰᠠᠶᠢᠳᠤᠷ ᠪᠠᠶᠠᠯᠠᠬᠦᠯᠬᠦ ᠶᠢ ᠪᠠᠳᠤᠯᠠᠬᠤ ᠬᠡᠷᠡᠭᠳᠡᠢ ᠬᠡᠵᠤ ᠱᠠᠭᠠᠷᠳᠠᠪᠠ᠃ | ᠬᠤᠷᠠᠯ ᠠᠴᠠ᠂ ᠦᠩᠭᠡᠨ ᠲᠠᠯ᠎ᠠ ᠪᠡ ᠦᠨᠳᠦᠰᠦᠨ ᠠᠴᠠ ᠨᠢ ᠵᠠᠰᠠᠬᠤ᠂ ᠨᠢᠭᠡᠳᠦᠯᠳᠡᠢ ᠲᠦᠯᠦᠪᠵᠢᠭᠦᠯᠦᠨ | ᠨᠡᠶᠢᠳᠡ ᠳᠤᠨᠢ ᠬᠠᠷᠠᠭᠠᠯᠵᠠᠬᠤ ᠶᠢ ᠪᠠᠷᠢᠮᠳᠠᠯᠠᠨ᠂ ᠲᠦᠷᠭᠡᠨ ᠬᠦᠳᠡᠯᠦᠯᠴᠡᠵᠤ ᠲᠦᠷᠭᠡᠨ ᠰᠠᠶᠢᠵᠢᠷᠠᠭᠤᠯᠬᠤ ᠬᠢᠭᠡᠳ | ᠤᠷᠳᠤ ᠬᠤᠭᠤᠴᠠᠭ᠎ᠠ ᠪᠠᠷ ᠴᠡᠭᠴᠡᠯᠡᠨ ᠰᠠᠶᠢᠵᠢᠷᠠᠭᠤᠯᠬᠤ ᠶᠢ ᠬᠠᠷᠢᠯᠴᠠᠨ ᠤᠶᠠᠯᠳᠤᠭᠤᠯᠵᠤ᠂ ᠴᠡᠭᠴᠡᠯᠡᠨ | ᠰᠠᠶᠢᠵᠢᠷᠠᠭᠤᠯᠬᠤ ᠬᠠᠷᠢᠭᠤᠴᠠᠯᠭ᠎ᠠ ᠶᠢ ᠲᠠᠰᠤᠷᠠᠯᠳᠠ ᠦᠭᠡᠢ ᠪᠤᠳᠠᠳᠠᠶᠢᠵᠢᠭᠤᠯᠵᠤ᠂ ᠬᠢᠨᠠᠯᠳᠠ ᠲᠠᠯᠪᠢᠬᠤ | ᠬᠠᠷᠢᠭᠤᠴᠠᠯᠭ᠎ᠠ ᠨᠡᠭᠡᠮᠵᠢᠯᠡᠬᠦ ᠶᠢ ᠴᠢᠩᠭᠠᠳᠬᠠᠨ᠂ ᠴᠡᠭᠴᠡᠯᠡᠨ ᠰᠠᠶᠢᠵᠢᠷᠠᠭᠤᠯᠬᠤ ᠲᠦᠰᠦᠯ ᠪᠠ ᠲᠤᠰᠬᠠᠢ ᠴᠡᠭᠴᠡᠯᠡᠨ | ᠵᠠᠰᠠᠬᠤ ᠲᠦᠰᠦᠯ ᠢ ᠦᠨᠡᠨᠬᠦ ᠪᠤᠳᠠᠳᠠᠢ ᠳᠤ ᠨᠡᠶᠢᠳᠡᠪᠦᠷᠢᠵᠢᠭᠤᠯᠦᠨ ᠦᠷ᠎ᠡ ᠪᠦᠳᠦᠮᠵᠢ ᠭᠠᠷᠭᠠᠬᠤ ᠬᠡᠷᠡᠭᠳᠡᠢ ᠬᠡᠵᠤ | ᠴᠢᠬᠤᠯᠠᠴᠢᠯᠠᠵᠠᠢ᠃ |