ᠪᠦᠬᠦ ᠣᠷᠣᠨ ᠤ ︽ᠠᠮᠤ ᠪᠤᠳᠠᠭ᠎ᠠ ᠶᠢ ᠪᠣᠷᠳᠤᠭ᠎ᠠ ᠪᠣᠯᠭᠠᠨ ᠥᠭᠡᠷᠡᠴᠢᠯᠡᠬᠦ︾ ᠲᠤᠷᠰᠢᠯᠲᠠ ᠶᠢᠨ ᠠᠵᠢᠯ ᠢ ᠳᠥᠯᠭᠢᠨ ᠠᠬᠢᠭᠤᠯᠬᠤ ᠲᠧᠯᠸᠢᠰ ᠳ᠋ᠢᠶᠠᠩᠬᠤᠸᠠ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2017/6/26
     6 ᠳ᠋ᠤᠭᠠᠷ ᠰᠠᠷ᠎ᠠ ᠶᠢᠨ 20᠎ ᠤ ᠡᠳᠦᠷ᠂ ᠪᠦᠬᠦ ᠣᠷᠣᠨ ᠤ ︽ᠠᠮᠤ ᠪᠤᠳᠠᠭ᠎ᠠ ᠶᠢ ᠪᠣᠷᠳᠤᠭ᠎ᠠ ᠪᠣᠯᠭᠠᠨ ᠥᠭᠡᠷᠡᠴᠢᠯᠡᠬᠦ︾ ᠲᠤᠷᠰᠢᠯᠲᠠ ᠶᠢᠨ ᠠᠵᠢᠯ ᠢ ᠳᠥᠯᠭᠢᠨ ᠠᠬᠢᠭᠤᠯᠬᠤ ᠲᠧᠯᠸᠢᠰ ᠳ᠋ᠢᠶᠠᠩᠬᠤᠸᠠ ᠬᠤᠷᠠᠯ ᠬᠤᠷᠠᠯᠳᠤᠪᠠ᠃ ᠣᠶᠢᠯᠠᠭᠠᠭᠰᠠᠨ ᠢᠶᠠᠷ᠂ 2015 ᠣᠨ ᠠᠴᠠ ᠨᠠᠰᠢ᠂ ᠮᠠᠨ ᠤ ᠣᠷᠣᠨ ᠤ 14 ᠲᠤᠷᠰᠢᠯᠲᠠ ᠶᠢᠨ ᠬᠤᠰᠢᠭᠤ ᠰᠢᠶᠠᠨ ᠨᠢᠭᠡᠨᠲᠡ ᠨᠣᠭᠤᠭᠠᠨ ᠢᠶᠠᠷ ᠳᠠᠷᠤᠰᠢᠭᠤᠯᠬᠤ ᠲᠦᠷᠦᠯ ᠵᠦᠢᠯ ᠤᠨ ᠲᠠᠷᠢᠬᠤ ᠲᠠᠯᠠᠪᠠᠢ ᠶᠢ 146 ᠲᠦᠮᠡᠨ ᠮᠦ ᠨᠠᠶᠢᠳᠠᠪᠤᠷᠢᠵᠢᠭᠤᠯᠵᠤ᠂ ᠲᠦᠷᠦᠯ ᠵᠦᠢᠯ ᠤᠨ ᠲᠣᠭᠤᠷᠢᠭ ᠲᠤ ︽ᠲᠡᠵᠢᠭᠡᠬᠦ ᠶᠢᠨ ᠲᠥᠯᠥᠭᠡ ᠲᠠᠷᠢᠬᠤ᠂ ᠮᠠᠯ ᠠᠵᠤ ᠠᠬᠤᠶ ᠶᠢᠨ ᠲᠥᠯᠦᠭᠡ ᠲᠠᠷᠢᠬᠤ᠂ ᠮᠠᠯ ᠤᠨ ᠢᠯᠭᠠᠳᠠᠰᠤ ᠶᠢ ᠪᠤᠷᠳᠤᠭᠤᠷ ᠪᠣᠯᠭᠠᠬᠤ᠂ ᠲᠠᠷᠢᠶᠠᠯᠠᠩ ᠮᠠᠯ ᠠᠵᠤ ᠠᠬᠤᠶ ᠶᠢ ᠡᠷᠭᠢᠯᠳᠦᠭᠦᠯᠬᠦ︾ ᠰᠢᠨ᠎ᠡ ᠬᠡᠯᠪᠡᠷᠢ ᠶᠢᠨ ᠳᠠᠷᠢᠵᠤ ᠲᠡᠵᠢᠭᠡᠬᠦ ᠪᠦᠲᠦᠴᠡ ᠶᠢ ᠠᠩᠬ᠎ᠠ ᠠᠯᠬᠤᠮ ᠪᠦᠷᠢᠯᠳᠦᠭᠦᠯᠵᠦ᠂ ᠡᠪᠡᠰᠦᠨ ᠲᠡᠵᠢᠭᠡᠯᠳᠦ ᠮᠠᠯ ᠠᠵᠤ ᠠᠬᠤᠶ ᠶᠢᠨ ᠬᠥᠭᠵᠢᠯᠲᠡ ᠪᠠ ᠮᠠᠯᠴᠢᠨ ᠲᠠᠷᠢᠶᠠᠴᠢᠨ ᠤ ᠦᠢᠯᠡᠳᠪᠦᠷᠢᠯᠡᠯ ᠢᠶᠠᠨ ᠳᠡᠭᠡᠭᠰᠢᠯᠡᠭᠦᠯᠵᠦ ᠣᠷᠣᠯᠭ᠎ᠠ ᠪᠠᠨ ᠨᠡᠮᠡᠭᠳᠡᠭᠦᠯᠬᠦ ᠶᠢ ᠡᠷᠴᠢᠮᠲᠡᠢ ᠲᠥᠯᠬᠢᠨ ᠠᠬᠢᠭᠤᠯᠪᠠ᠃ 2015 ᠣᠨ ᠠᠴᠠ ᠡᠬᠢᠯᠡᠨ᠂ ᠬᠥᠳᠡᠭᠡ ᠠᠵᠤ ᠠᠬᠤᠶ ᠶᠢᠨ ᠶᠠᠮᠤᠨ ︽ᠬᠠᠳᠤᠭᠤᠷ ᠤᠨ ᠮᠣᠷᠣᠢ︾ ᠭᠠᠵᠠᠷ ᠣᠷᠣᠨ ᠎ ᠳᠤ ᠮᠦᠬᠦᠯᠢᠭᠲᠦ ᠡᠷᠳᠡᠨᠢ ᠰᠢᠰᠢ ᠲᠠᠷᠢᠬᠤ ᠲᠠᠯᠠᠪᠠᠢ ᠶᠢ ᠬᠠᠰᠤᠨ ᠪᠠᠭᠠᠰᠬᠠᠵᠤ᠂ ᠡᠷᠳᠡᠨᠢ ᠰᠢᠰᠢ ᠲᠠᠷᠢᠬᠤ ᠲᠠᠯᠠᠪᠠᠢ ᠶᠡᠭᠡ᠂ ᠦᠬᠡᠷ ᠬᠤᠨᠢ ᠶᠢ ᠲᠡᠵᠢᠭᠡᠨ ᠦᠷᠡᠵᠢᠭᠦᠯᠬᠦ ᠰᠠᠭᠤᠷᠢ ᠰᠠᠶᠢᠲᠠᠢ᠂ ᠲᠠᠷᠢᠮᠠᠯ ᠤᠨ ᠪᠦᠲᠦᠴᠡ ᠶᠢ ᠲᠣᠬᠢᠷᠠᠭᠤᠯᠬᠤ ᠨᠦᠬᠡᠴᠡ ᠬᠦᠴᠦᠨ ᠲᠠᠢ ᠮᠤᠵᠢ ᠣᠷᠣᠨ ᠢ ᠰᠤᠩᠭᠤᠨ ︽ᠠᠮᠤ ᠪᠤᠳᠠᠭ᠎ᠠ ᠶᠢ ᠪᠣᠷᠳᠤᠭ᠎ᠠ ᠪᠣᠯᠭᠠᠨ ᠥᠭᠡᠷᠡᠴᠢᠯᠡᠬᠦ︾ ᠲᠤᠷᠰᠢᠯᠲᠠ ᠠᠵᠢᠯ ᠥᠷᠨᠢᠭᠦᠯᠪᠡ᠃ ᠪᠦᠬᠦ ᠤᠯᠤᠰ ᠤᠨ ᠲᠤᠷᠰᠢᠯᠲᠠ ᠶᠢᠨ 10 ᠭᠤᠣᠯᠳᠠᠯᠭ᠎ᠠ ᠲᠠᠢ ᠮᠤᠵᠢ ᠣᠷᠣᠨ ᠤ ᠨᠢᠭᠡ ᠪᠣᠯᠤᠭᠰᠠᠨ ᠤ ᠬᠤᠪᠢ ᠳᠤ᠂ ᠮᠠᠨ ᠤ ᠣᠷᠣᠨ ᠡᠨᠡ ᠬᠦ ᠠᠰᠢᠭᠲᠠᠶ ᠠᠵᠠ ᠲᠣᠬᠢᠶᠠᠯ ᠢ ᠠᠳᠬᠤᠵᠤ᠂ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠪᠦᠲᠦᠴᠡ ᠶᠢ ᠲᠥᠷᠭᠡᠨ ᠲᠣᠬᠢᠷᠠᠭᠤᠯᠤᠨ ᠰᠢᠯᠢᠳᠡᠭᠵᠢᠭᠦᠯᠵᠦ᠂ ᠡᠷᠳᠡᠨᠢ ᠰᠢᠰᠢ ᠶᠢ ᠣᠷᠣᠨ ᠤ ᠳᠣᠲᠣᠷ᠎ᠠ ᠲᠤᠬᠠᠶ ᠶᠢᠨ ᠭᠠᠵᠠᠷ ᠲᠤᠨᠢ ᠰᠢᠩᠭᠡᠭᠡᠵᠦ᠂ ᠲᠠᠷᠢᠵᠤ ᠲᠡᠵᠢᠭᠡᠬᠦ ᠬᠤᠣᠰᠯᠠᠭᠤᠯᠬᠤ ᠠᠮᠵᠢᠯᠲᠠ ᠣᠯᠪᠠ᠃ 2016 ᠣᠨ ᠳᠤ ᠪᠥᠬᠦ ᠣᠷᠣᠨ ᠢ ᠳᠠᠶᠢᠴᠢᠯᠠᠨ ᠠᠮᠤ ᠪᠤᠳᠠᠭ᠎ᠠ ᠪᠣᠯᠣᠨ ᠪᠣᠷᠳᠤᠭ᠎ᠠ ᠶᠢᠨ ᠬᠠᠪᠰᠤᠷᠭᠠᠨ ᠬᠡᠷᠡᠭᠯᠡᠬᠦ ᠬᠡᠯᠪᠡᠷᠢ ᠶᠢᠨ ᠨᠣᠭᠤᠭᠠᠨ ᠳᠠᠷᠤᠰᠢ ᠶᠢᠨ ᠡᠷᠳᠡᠨᠢ ᠰᠢᠰᠢ ᠲᠠᠷᠢᠬᠤ ᠲᠠᠯᠠᠪᠠᠢ ᠶᠢ 504 ᠲᠦᠮᠡᠨ ᠮᠦ ᠰᠢᠨ᠎ᠡ ᠪᠠᠷ ᠨᠡᠮᠡᠭᠳᠡᠭᠦᠯᠵᠦ᠂ ᠠᠳᠠᠯᠢ ᠬᠤᠭᠤᠴᠠᠭᠠᠨ ᠤ ᠬᠢ ᠠᠴᠠ 64% ᠨᠡᠮᠡᠭᠳᠡᠭᠦᠯᠵᠦ᠂ 827 ᠮᠦ ᠳᠤ ᠬᠦᠷᠦᠭᠦᠯᠵᠡᠢ︔ ᠠᠯᠠᠰᠢᠨ ᠦᠬᠡᠷ ᠢ ᠠᠳᠠᠯᠢ ᠬᠤᠭᠤᠴᠠᠭᠠᠨ ᠤ ᠬᠢ ᠠᠴᠠ 8.4% ᠨᠡᠮᠡᠭᠳᠡᠭᠦᠯᠵᠦ᠂ 977.4 ᠲᠦᠮᠡᠨ ᠲᠣᠯᠣᠭᠠᠶ ᠳᠤ ᠬᠦᠷᠦᠭᠦᠯᠵᠡᠢ︔ ᠭᠤᠣᠯ ᠭᠠᠷᠤᠯᠲᠠ ᠶᠢᠨ ᠣᠷᠣᠨ ᠤ ᠰᠠᠭᠠᠯᠢ ᠶᠢᠨ ᠦᠨᠢᠶ᠎ᠡ ᠶᠢᠨ ᠲᠠᠯᠠᠪᠠᠢ ᠨᠢᠭᠡᠴᠢ ᠶᠢᠨ ᠭᠠᠷᠤᠯᠲᠠ ᠶᠢᠨ ᠬᠢᠷᠢ ᠲᠥᠪᠰᠢᠨ ᠪᠦᠬᠦ ᠤᠯᠤᠰ ᠤᠨ ᠳᠤᠮᠳᠠᠴᠢ ᠬᠢᠷᠢ ᠲᠦᠪᠰᠢᠨ ᠠᠴᠠ 1.1 ᠲᠦᠮᠡᠨ ᠲᠣᠨ ᠳᠡᠭᠡᠭᠰᠢ ᠪᠣᠯᠵᠤ᠂ 7.5 ᠲᠣᠨ ᠳᠤ ᠬᠦᠷᠦᠭᠦᠯᠵᠡᠢ︔ ᠴᠢᠨᠠᠷ ᠰᠠᠶᠢᠲᠠᠶ ᠳᠠᠷᠤᠰᠢᠭᠤᠯᠤᠭᠰᠠᠨ ᠪᠣᠷᠳᠤᠭ᠎ᠠ ᠶᠢᠨ ᠶᠡᠷᠦᠩᠬᠡᠶᠢᠯᠡᠭᠰᠡᠨ ᠲᠡᠵᠢᠭᠡᠯ ᠪᠣᠷᠳᠤᠭ᠎ᠠ ᠶᠢᠨ ᠥᠪᠡᠷ ᠤᠨ ᠦᠷᠳᠡᠭ ᠢ 5% ᠪᠠᠭᠤᠷᠠᠭᠤᠯᠵᠠᠢ᠃ ᠡᠨᠡ ᠵᠢᠯ ᠤᠨ 6 ᠳ᠋ᠤᠭᠠᠷ ᠰᠠᠷ᠎ᠠ ᠶᠢᠨ 7᠎ ᠤ ᠡᠳᠦᠷ ᠬᠤᠷᠠᠯᠳᠤᠭᠤᠯᠤᠭᠰᠠᠨ ᠪᠦᠬᠦ ᠤᠯᠤᠰ ᠤᠨ ᠠᠮᠤ ᠪᠤᠳᠠᠭ᠎ᠠ ᠶᠢ ᠪᠣᠷᠳᠤᠭ᠎ᠠ ᠪᠣᠯᠭᠠᠨ ᠥᠭᠡᠷᠡᠴᠢᠯᠡᠬᠦ ᠲᠤᠷᠰᠢᠯᠲᠠ ᠶᠢᠨ ᠠᠵᠢᠯ ᠢ ᠳᠥᠯᠭᠢᠨ ᠠᠬᠢᠭᠤᠯᠬᠤ ᠬᠤᠷᠠᠯ ᠳᠡᠭᠡᠷ᠎ᠡ᠂ ᠮᠠᠨ ᠤ ᠣᠷᠣᠨ ᠤ ᠲᠠᠨᠢᠯᠴᠠᠭᠤᠯᠤᠭᠰᠠᠨ ᠲᠤᠷᠰᠢᠯᠭ᠎ᠠ᠂ ᠠᠷᠭ᠎ᠠ ᠪᠠᠷᠢᠯ ᠨᠢ ᠬᠦᠳᠡᠭᠡ ᠠᠵᠤ ᠠᠬᠤᠢ ᠶᠢᠨ ᠶᠠᠮᠤᠨ ᠤ ᠤᠳᠤᠷᠢᠳᠤᠯᠭ᠎ᠠ ᠶᠢᠨ ᠭᠦᠢᠴᠡᠳ ᠨᠤᠲᠠᠯᠠᠯᠲᠠ ᠶᠢ ᠣᠯᠣᠭᠰᠠᠨ ᠪᠠᠶᠢᠨ᠎ᠠ᠃      ᠣᠶᠢᠯᠠᠭᠠᠭᠰᠠᠨ ᠢᠶᠠᠷ᠂ ︽13·5︾᠎ ᠶᠢᠨ ᠬᠤᠭᠤᠴᠠᠭᠠᠨ ᠳᠤ᠂ ᠤᠯᠤᠰ ᠠᠴᠠ ᠮᠠᠨ ᠤ ᠤᠷᠤᠨ ᠳᠤ ᠮᠦᠬᠦᠯᠢᠭᠲᠦ ᠡᠷᠳᠡᠨᠢ ᠰᠢᠰᠢ ᠲᠠᠷᠢᠬᠤ ᠲᠠᠯᠠᠪᠠᠢ ᠶᠢ 1000 ᠲᠦᠮᠡᠨ ᠮᠦ ᠬᠠᠰᠤᠨ ᠪᠠᠭᠠᠰᠬᠠᠬᠤ ᠡᠭᠦᠷᠭᠡ ᠪᠠᠭᠤᠯᠭᠠᠪᠠ ᠂ ᠡᠭᠦᠨ ᠳᠤ ᠡᠨᠡ ᠵᠢᠯ ︽ᠠᠮᠤ ᠪᠤᠳᠠᠭ᠎ᠠ ᠶᠢ ᠪᠣᠷᠳᠤᠭ᠎ᠠ ᠪᠣᠯᠭᠠᠨ ᠥᠭᠡᠷᠡᠴᠢᠯᠡᠬᠦ︾ ᠲᠤᠷᠰᠢᠯᠲᠠ ᠶᠢᠨ ᠡᠭᠦᠷᠭᠡ 111.6 ᠲᠦᠮᠡᠨ ᠮᠦ ᠪᠠᠶᠢᠨ᠎ᠠ᠃ ᠮᠠᠨ ᠤ ᠣᠷᠣᠨ ᠳᠤ ᠦᠬᠡᠷ ᠬᠤᠨᠢᠨ ᠤ ᠦᠷᠡᠵᠢᠭᠦᠯᠬᠦ ᠨᠦᠬᠡᠴᠡ ᠬᠦᠴᠦᠨ ᠶᠡᠭᠡ ᠪᠠᠶᠢᠬᠤ ᠪᠦᠭᠡᠳ ᠲᠠᠷᠢᠶᠠᠴᠢᠨ ᠡᠷᠦᠬᠡ ᠶᠢᠨ ᠨᠣᠭᠤᠭᠠᠨ ᠳᠠᠷᠤᠰᠢ ᠶᠢᠨ ᠡᠷᠳᠡᠨᠢ ᠰᠢᠰᠢ ᠲᠠᠷᠢᠬᠤ ᠬᠦᠰᠡᠯ ᠡᠷᠡᠮᠡᠯᠵᠡᠯ ᠴᠦ ᠴᠢᠩᠭ᠎ᠠ ᠪᠠᠶᠢᠨ᠎ᠠ᠃ ᠶᠡᠷᠦᠩᠬᠡᠶ ᠳᠤᠨᠢ ᠠᠪᠴᠤ ᠦᠵᠡᠪᠡᠯ᠂ ᠲᠡᠳᠬᠦᠨ ᠳᠡᠮᠵᠢᠵᠦ ᠬᠥᠲᠥᠯᠥᠨ ᠵᠢᠯᠣᠭᠤᠳᠪᠠᠯ᠂ ᠮᠠᠨ ᠤ ᠣᠷᠣᠨ ᠡᠭᠦᠷᠭᠡ ᠪᠠᠨ ᠪᠡᠶᠡᠯᠡᠭᠦᠯᠵᠦ ᠴᠢᠳᠠᠬᠤ ᠪᠠᠷ ᠪᠠᠷᠠᠬᠤ ᠦᠭᠡᠶ ᠪᠠᠰᠠ ᠨᠣᠭᠤᠭᠠᠨ ᠳᠠᠷᠤᠰᠢ ᠶᠢᠨ ᠡᠷᠳᠡᠨᠢ ᠰᠢᠰᠢ ᠲᠠᠷᠢᠬᠤ ᠲᠠᠯᠠᠪᠠᠢ ᠶᠢ 1000 ᠲᠦᠮᠡᠨ ᠮᠦ ᠨᠡᠮᠡᠭᠳᠡᠭᠦᠯᠵᠦ᠂ ᠡᠷᠳᠡᠨᠢ ᠰᠢᠰᠢ ᠶᠢᠨ ᠲᠠᠷᠢᠮᠠᠯ ᠤᠨ ᠦᠢᠯᠡᠰ ᠤᠨ ᠪᠦᠲᠦᠴᠡ ᠶᠢᠨ ᠲᠣᠬᠢᠷᠠᠭᠤᠯᠬᠤ ᠪᠠ ᠮᠠᠯ ᠠᠵᠤ ᠠᠬᠤᠶ ᠶᠢᠨ ᠦᠪᠡᠷ ᠤᠨ ᠥᠷᠲᠡᠭ ᠢᠶᠠᠨ ᠪᠠᠭᠤᠷᠠᠭᠤᠯᠤᠨ ᠶᠠᠰᠤ ᠴᠢᠨᠠᠷ ᠦᠷ᠎ᠡ ᠠᠰᠢᠭ ᠢᠶᠠᠨ ᠳᠡᠭᠡᠭᠰᠢᠯᠡᠭᠦᠯᠬᠦ ᠶᠢ ᠠᠬᠢᠭᠤᠯᠵᠤ᠂ ᠠᠵᠤ ᠠᠬᠤᠶ ᠶᠢᠨ ᠦᠷ᠎ᠡ ᠠᠰᠢᠭ ᠪᠣᠯᠣᠨ ᠠᠮᠢ ᠠᠬᠤᠶ ᠶᠢᠨ ᠦᠷ᠎ᠡ ᠠᠰᠢᠭ ᠢ ᠰᠠᠶᠢᠨ ᠦᠢᠯᠡᠳᠦᠯᠴᠢᠯᠡᠭᠦᠯᠬᠦ ᠶᠢ ᠪᠡᠶᠡᠯᠡᠭᠦᠯᠬᠦ ᠪᠣᠯᠣᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号