ᠦᠢᠷ᠎ᠠ ᠳᠤ᠂ ᠥᠪᠥᠷ ᠮᠣᠩᠭᠤᠯ ᠤᠨ ᠡᠬᠦᠷᠭᠡᠯᠡᠭᠰᠡᠨ ︽12·5︾ ᠶᠢᠨ ᠤᠯᠤᠰ ᠤᠨ ᠰᠢᠨᠵᠢᠯᠡᠬᠦ | ᠤᠬᠠᠭᠠᠨ ᠮᠡᠷᠭᠡᠵᠢᠯ ᠤᠨ ᠲᠤᠯᠭᠠᠭᠤᠷᠢᠯᠠᠬᠤ ᠲᠥᠯᠥᠪᠯᠡᠭᠡ ᠳᠠᠬᠢ ︽ᠥᠪᠥᠷ ᠮᠣᠩᠭᠤᠯ ᠤᠨ ᠭᠠᠨᠭ᠍ᠳᠠᠮᠠᠯ ᠣᠷᠣᠨ ᠤ | ᠬᠥᠪᠥᠩ ᠤᠨ ᠰᠢᠨ᠎ᠡ ᠡᠭᠦᠯᠳᠡᠷ ᠢ ᠰᠣᠩᠭᠤᠨ ᠪᠤᠶᠢᠵᠢᠭᠤᠯᠬᠤ ᠬᠢᠭᠡᠳ ᠢᠵᠢ ᠪᠦᠷᠢᠳᠦᠭᠦᠯᠬᠦ ᠮᠡᠷᠭᠡᠵᠢᠯ ᠢ ᠰᠤᠳᠤᠯᠬᠤ | ᠪᠠ ᠵᠢᠱᠢᠶ᠎ᠡ ᠦᠵᠡᠭᠦᠯᠬᠦ︾ ᠪᠤᠯᠤᠨ ︽ᠲᠥᠮᠥᠰᠥ ᠶᠢ ᠴᠢᠨᠠᠷ ᠰᠠᠶᠢᠲᠠᠶ ᠦᠢᠯᠡᠳᠪᠦᠷᠢᠯᠡᠬᠦ ᠬᠢᠭᠡᠳ ᠠᠵᠤ ᠦᠢᠯᠡᠰ ᠢ | ᠳᠡᠰ ᠳᠡᠪᠰᠢᠭᠦᠯᠬᠦ ᠮᠡᠷᠭᠡᠵᠢᠯ ᠢ ᠰᠤᠳᠤᠯᠬᠤ ᠪᠠ ᠵᠢᠱᠢᠶ᠎ᠡ ᠦᠵᠡᠭᠦᠯᠬᠦ︾ ᠬᠤᠶᠠᠷ ᠲᠥᠷᠥᠯ ᠵᠦᠶᠯ ᠨᠢ ᠰᠢᠨᠵᠢᠯᠡᠬᠦ | ᠤᠬᠠᠭᠠᠨ ᠮᠡᠷᠭᠡᠵᠢᠯ ᠤᠨ ᠶᠠᠮᠤᠨ ᠤ ᠰᠢᠯᠭᠠᠯᠲᠠ ᠳᠤ ᠪᠠᠲᠤᠯᠠᠭᠳᠠᠪᠠ᠃ | ︽ᠥᠪᠥᠷ ᠮᠣᠩᠭᠤᠯ ᠤᠨ ᠭᠠᠨᠭ᠍ᠳᠠᠮᠠᠯ ᠣᠷᠣᠨ ᠤ ᠬᠥᠪᠥᠩ ᠤᠨ ᠰᠢᠨ᠎ᠡ ᠡᠭᠦᠯᠳᠡᠷ ᠢ ᠰᠣᠩᠭᠤᠨ ᠪᠤᠶᠢᠵᠢᠭᠤᠯᠬᠤ | ᠬᠢᠭᠡᠳ ᠢᠵᠢ ᠪᠦᠷᠢᠳᠦᠭᠦᠯᠬᠦ ᠮᠡᠷᠭᠡᠵᠢᠯ ᠢ ᠰᠤᠳᠤᠯᠬᠤ ᠪᠠ ᠵᠢᠱᠢᠶ᠎ᠡ ᠦᠵᠡᠭᠦᠯᠬᠦ︾ ᠲᠥᠷᠥᠯ ᠵᠦᠶᠯ ᠢ 2014 | ᠤᠨ ᠤ 1 ᠳ᠋ᠤᠭᠡᠷ ᠰᠠᠷ᠎ᠠ ᠠᠴᠠ 2016 ᠤᠨ ᠤ 12 ᠳ᠋ᠤᠭᠠᠷ ᠰᠠᠷ᠎ᠠ ᠪᠤᠯᠲᠠᠯ᠎ᠠ ᠬᠡᠷᠡᠭᠵᠢᠬᠦᠯᠵᠤ᠂ ᠡᠭᠦᠨ ᠳᠤ ︽ | ᠭᠠᠩ ᠳᠤ ᠲᠡᠰᠪᠦᠷᠢᠲᠠᠢ᠂ ᠳᠠᠪᠤᠰᠤ ᠬᠤᠵᠢᠷ ᠲᠤ ᠲᠡᠰᠪᠦᠷᠢᠲᠠᠢ ᠬᠥᠪᠥᠩ ᠤᠨ ᠡᠭᠦᠯᠳᠡᠷ ᠢ ᠰᠢᠯᠢᠨ ᠰᠣᠩᠭᠤᠬᠤ ᠪᠠ | ᠰᠢᠨ᠎ᠡ ᠡᠭᠦᠯᠳᠡᠷ ᠢ ᠪᠤᠶᠢᠵᠢᠭᠤᠯᠬᠤ︾᠂ ︽ᠳᠠᠪᠤᠰᠤᠯᠢᠭ ᠬᠤᠵᠢᠷᠯᠢᠭ ᠭᠠᠨᠭ᠍ᠳᠠᠮᠠᠯ ᠤᠷᠤᠨ ᠳᠤ ᠢᠵᠢ ᠪᠦᠷᠢᠳᠦᠬᠦᠯᠦᠨ | ᠲᠠᠷᠢᠵᠦ ᠪᠤᠶᠢᠵᠢᠭᠤᠯᠬᠤ ᠮᠡᠷᠭᠡᠵᠢᠯ ᠤᠨ ᠰᠤᠳᠤᠯᠭᠠᠨ︾ ᠪᠤᠯᠤᠨ ︽ᠳᠠᠪᠤᠰᠤᠯᠢᠭ ᠬᠤᠵᠢᠷᠯᠢᠭ ᠭᠠᠨᠭ᠍ᠳᠠᠮᠠᠯ ᠤᠷᠤᠨ ᠳᠤ | ᠲᠠᠷᠢᠬᠤ ᠬᠥᠪᠥᠩ ᠤᠨ ᠡᠭᠦᠯᠳᠡᠷ ᠬᠢᠭᠡᠳ ᠵᠠᠩᠭᠢᠯᠠᠭ᠎ᠠ ᠶᠢᠨ ᠮᠡᠷᠭᠡᠵᠢᠯ ᠢ ᠵᠢᠱᠢᠶ᠎ᠡ ᠦᠵᠡᠭᠦᠯᠦᠨ ᠳᠡᠯᠭᠡᠷᠡᠭᠦᠯᠬᠦ︾ 3 | ᠰᠡᠳᠦᠪ ᠲᠤᠬᠢᠷᠠᠭᠤᠯᠪᠠ᠃ ᠲᠤᠰ ᠲᠦᠷᠦᠯ ᠵᠦᠢᠯ ᠢ ᠬᠡᠷᠡᠭᠵᠢᠬᠦᠯᠦᠭᠰᠡᠨ ᠨᠢ᠂ ᠥᠪᠥᠷ ᠮᠣᠩᠭᠤᠯ ᠤᠨ ᠬᠦᠪᠤᠡᠭ ᠤᠨ | ᠤᠷᠤᠨ ᠤ ᠭᠤᠣᠯ ᠰᠠᠭᠤᠯᠭᠠᠬᠤ ᠡᠭᠦᠯᠳᠡᠷ ᠨᠢ ᠲᠣᠳᠣᠷᠬᠠᠶ ᠪᠤᠰᠤ᠂ ᠬᠥᠪᠥᠩ ᠲᠠᠷᠢᠬᠤ ᠮᠡᠷᠭᠡᠵᠢᠯ ᠤᠨ ᠬᠢᠷᠢ | ᠲᠦᠪᠰᠢᠨ ᠳᠣᠣᠷ᠎ᠠ᠂ ᠤᠰᠤ ᠪᠤᠷᠳᠦᠭᠤᠷ ᠤᠨ ᠠᠰᠢᠭᠯᠠᠯᠲᠠ ᠶᠢᠨ ᠦᠷ᠎ᠡ ᠪᠦᠲᠦᠮᠵᠢ ᠳᠤᠤᠷ᠎ᠠ ᠵᠡᠷᠭᠡ ᠠᠰᠠᠭᠤᠳᠠᠯ ᠢ | ᠰᠢᠢᠳᠪᠦᠷᠢᠯᠡᠵᠤ᠂ ᠥᠪᠥᠷ ᠮᠣᠩᠭᠤᠯ ᠬᠦᠪᠤᠡᠭ ᠤᠨ ᠤᠷᠤᠨ ᠳᠤ ᠲᠠᠷᠢᠬᠤ ᠬᠥᠪᠥᠩ ᠤᠨ ᠡᠭᠦᠯᠳᠡᠷ ᠬᠢᠭᠡᠳ ᠢᠵᠢ | ᠪᠦᠷᠢᠳᠦᠬᠦᠯᠦᠨ ᠲᠠᠷᠢᠵᠦ ᠪᠤᠶᠢᠵᠢᠭᠤᠯᠬᠤ ᠮᠡᠷᠭᠡᠵᠢᠯ ᠤᠨ ᠪᠦᠬᠦ ᠲᠠᠯ᠎ᠠ ᠶᠢᠨ ᠲᠠᠪᠰᠢᠯᠳᠠ ᠶᠢ ᠲᠥᠯᠬᠢᠨ ᠠᠬᠢᠭᠤᠯᠵᠤ᠂ | ᠥᠪᠥᠷ ᠮᠣᠩᠭᠤᠯ ᠤᠨ ᠬᠦᠪᠤᠡᠭ ᠤᠨ ᠤᠷᠤᠨ ᠤ ᠪᠥᠬᠦ ᠶᠠᠪᠤᠴᠠ ᠶᠢ ᠮᠠᠰᠢᠨᠴᠢᠯᠠᠨ ᠦᠢᠯᠡᠳᠪᠦᠷᠢᠯᠡᠬᠦ ᠠᠯᠬᠤᠮ ᠢ | ᠲᠦᠷᠭᠡᠳᠭᠡᠪᠡ᠃ | ︽ᠲᠥᠮᠥᠰᠥ ᠶᠢ ᠴᠢᠨᠠᠷ ᠰᠠᠶᠢᠲᠠᠶ ᠦᠢᠯᠡᠳᠪᠦᠷᠢᠯᠡᠬᠦ ᠬᠢᠭᠡᠳ ᠠᠵᠤ ᠦᠢᠯᠡᠰ ᠢ ᠳᠡᠰ ᠳᠡᠪᠰᠢᠭᠦᠯᠬᠦ ᠮᠡᠷᠭᠡᠵᠢᠯ ᠢ | ᠰᠤᠳᠤᠯᠬᠤ ᠪᠠ ᠵᠢᠱᠢᠶ᠎ᠡ ᠦᠵᠡᠭᠦᠯᠬᠦ︾ ᠲᠥᠷᠥᠯ ᠵᠦᠶᠯ ᠢ ᠰᠢᠨᠵᠢᠯᠡᠬᠦ ᠤᠬᠠᠭᠠᠨ ᠮᠡᠷᠭᠡᠵᠢᠯ ᠤᠨ ᠶᠠᠮᠤᠨ ᠠᠴᠠ | 2012 ᠣᠨ ᠳᠤ ᠲᠦᠷᠦᠯ ᠵᠦᠢᠯ ᠲᠤᠭᠲᠠᠭᠠᠨ ᠬᠡᠷᠡᠭᠵᠢᠬᠦᠯᠵᠤ᠂ ᠡᠭᠦᠨ ᠳᠤ 4 ᠰᠡᠳᠦᠪ ᠲᠤᠬᠢᠷᠠᠭᠤᠯᠵᠤ᠂ ᠥᠪᠥᠷ | ᠮᠣᠩᠭᠤᠯ ᠤᠨ ᠶᠡᠭᠡ ᠰᠤᠷᠭᠠᠭᠤᠯᠢ ᠲᠦᠷᠦᠬᠦᠯᠡᠨ ᠳᠠᠭᠠᠭᠠᠨ ᠡᠭᠦᠷᠭᠡᠯᠡᠪᠡ᠃ ᠲᠦᠷᠦᠯ ᠵᠦᠢᠯ ᠨᠢ ᠮᠠᠨ ᠤ ᠤᠯᠤᠰ ᠤᠨ | ᠲᠥᠮᠥᠰᠥ ᠶᠢ ᠴᠢᠨᠠᠷ ᠰᠠᠶᠢᠲᠠᠢ ᠦᠢᠯᠡᠳᠪᠦᠷᠢᠯᠡᠬᠦ ᠬᠢᠭᠡᠳ ᠠᠵᠤ ᠦᠢᠯᠡᠰ ᠢ ᠲᠡᠰ ᠳᠡᠪᠰᠢᠬᠦᠯᠬᠦ ᠶᠢ ᠬᠢᠵᠠᠭᠠᠷᠯᠠᠵᠤ | ᠪᠠᠶᠢᠭ᠎ᠠ ᠠᠰᠠᠭᠤᠳᠠᠯ᠂ ᠮᠠᠨ ᠤ ᠤᠯᠤᠰ ᠤᠨ ᠲᠥᠮᠥᠰᠥ ᠶᠢᠨ ᠭᠤᠣᠯ ᠭᠠᠷᠤᠯᠲᠠ ᠶᠢᠨ ᠣᠷᠣᠨ ᠤ ᠶᠡᠷᠦᠩᠬᠡᠶᠢᠯᠡᠭᠰᠡᠨ | ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠬᠦ ᠠᠰᠠᠭᠤᠳᠠᠯ᠂ ᠲᠥᠮᠥᠰᠥ ᠶᠢᠨ ᠦᠢᠯᠡᠳᠪᠦᠷᠢᠯᠡᠯ ᠤᠨ | ᠶᠠᠪᠤᠴᠠ ᠳᠤ ᠲᠡᠭᠦᠨ ᠤ ᠭᠠᠷᠤᠯᠲᠠ ᠪᠣᠯᠤᠨ ᠶᠠᠰᠤ ᠴᠢᠨᠠᠷ ᠢ ᠨᠦᠯᠦᠭᠡᠯᠡᠵᠤ ᠪᠠᠶᠢᠭ᠎ᠠ ᠨᠡᠶᠢᠲᠡᠯᠢᠭ ᠴᠢᠨᠠᠷ ᠲᠠᠢ | ᠠᠰᠠᠭᠤᠳᠠᠯ ᠬᠢᠭᠡᠳ ᠵᠠᠩᠭᠢᠯᠠᠭ᠎ᠠ ᠶᠢᠨ ᠮᠡᠷᠭᠡᠵᠢᠯ ᠤᠨ ᠴᠢᠬᠤᠯᠠ ᠶᠡᠭᠡ ᠪᠣᠭᠤᠮᠢ ᠠᠰᠠᠭᠤᠳᠠᠯ ᠢ ᠰᠢᠢᠳᠪᠦᠷᠢᠯᠡᠬᠦ ᠲᠠᠢ | ᠨᠢᠭᠲᠠ ᠤᠶᠠᠯᠳᠤᠭᠤᠯᠤᠨ᠂ ᠰᠢᠪᠲᠤᠯᠤᠯᠲᠠ ᠶᠢᠨ ᠰᠤᠳᠤᠯᠭ᠎ᠠ ᠶᠢ ᠦᠷᠨᠢᠬᠦᠯᠬᠦ ᠪᠤᠯᠤᠨ᠎ᠠ᠃ |