ᠣᠶᠢᠷ᠎ᠠ ᠶᠢᠨ ᠵᠢᠯ ᠤᠨ ᠲᠤᠷᠰᠢ᠂ ᠤᠯᠠᠭᠠᠨᠴᠠᠪ ᠬᠤᠳᠠ ᠠᠵᠢᠯ ᠣᠯᠭᠤᠯᠲᠠ ᠶᠢᠨ ᠠᠵᠢᠯ ᠢ ᠢᠮᠠᠭᠲᠠ | ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠲᠤᠪᠤᠶᠢᠮ᠎ᠠ ᠪᠠᠶᠢᠷᠢᠨ ᠳᠤ ᠲᠠᠯᠪᠢᠵᠤ᠂ ︽ᠦᠢ | ᠣᠯᠠᠨ ᠢᠶᠠᠷ ᠢᠶᠠᠨ ᠠᠳᠠᠯ ᠦᠢᠯᠡᠰ ᠴᠣᠭᠴᠠᠯᠠᠵᠤ᠂ ᠲᠦᠭ ᠲᠦᠮᠡᠨ ᠢᠶᠠᠷ ᠢᠶᠠᠨ ᠰᠢᠨ᠎ᠡ ᠶᠢ ᠡᠭᠦᠳᠬᠦ︾ ᠭᠤᠣᠯ | ᠰᠡᠳᠦᠪ ᠲᠠᠢ ᠨᠢᠭᠲᠠ ᠤᠶᠠᠯᠳᠤᠭᠤᠯᠵᠤ᠂ ᠠᠵᠢᠯ ᠣᠯᠭᠤᠯᠲᠠ ᠶᠢᠨ ᠨᠡᠩ ᠤᠯᠠᠨ ᠳᠠᠯᠳᠠ ᠬᠦᠴᠦᠨ ᠢ ᠠᠭᠤᠳᠠᠯᠤᠨ᠂ | ᠤᠯᠠᠨ ᠠᠷᠭ᠎ᠠ ᠬᠡᠮᠵᠢᠶ᠎ᠡ ᠶᠢ ᠬᠠᠮᠲᠤ ᠳᠤᠨᠢ ᠠᠪᠴᠤ᠂ ᠲᠤᠶᠢᠯ ᠤᠨ ᠣᠨᠣᠪᠴᠢᠲᠠᠢ ᠠᠷᠭ᠎ᠠ ᠪᠣᠳᠣᠯᠭ᠎ᠠ ᠬᠡᠷᠡᠭᠯᠡᠨ᠂ | ᠠᠵᠢᠯ ᠣᠯᠭᠤᠯᠲᠠ ᠪᠠ ᠠᠵᠤ ᠠᠬᠤᠶ ᠶᠢᠨ ᠬᠥᠭᠵᠢᠯᠲᠡ ᠶᠢ ᠥᠷᠭᠡᠳᠬᠡᠬᠦ ᠶᠢᠨ ᠰᠠᠶᠢᠨ ᠤᠶᠢᠯᠡᠳᠤᠯᠴᠢᠯᠡᠯ ᠢ | ᠪᠡᠶᠡᠯᠡᠭᠦᠯᠵᠦ᠂ ᠠᠵᠢᠯ ᠣᠯᠭᠤᠯᠲᠠ ᠶᠢᠨ ᠠᠵᠢᠯ ᠢᠯᠡᠳᠲᠡ ᠦᠷ᠎ᠡ ᠪᠦᠲᠦᠮᠵᠢ ᠤᠯᠪᠠ᠃ ᠣᠳᠣᠬᠠᠨ ᠪᠣᠯᠲᠠᠯ᠎ᠠ᠂ | ᠪᠦᠬᠦ ᠬᠤᠳᠠ ᠠᠵᠢᠯ ᠣᠯᠭᠤᠬᠤ ᠬᠦᠷᠢᠶᠡᠯᠡᠩ 14᠂ ᠠᠳᠠᠯ ᠦᠢᠯᠡᠰ ᠴᠣᠭᠴᠠᠯᠠᠬᠤ ᠬᠦᠷᠢᠶᠡᠯᠡᠩ ︵ᠨᠡᠪᠴᠢᠭᠦᠯᠦᠭᠦᠷ | ᠤᠨ ᠰᠠᠭᠤᠷᠢᠨ ᠭᠠᠵᠠᠷ︶ 12 ᠢ ᠪᠠᠶᠢᠭᠤᠯᠵᠤ᠂ 4500 ᠭᠠᠷᠤᠶ ᠬᠥᠮᠦᠨ ᠠᠳᠠᠯ ᠦᠢᠯᠡᠰ ᠴᠣᠭᠴᠠᠯᠠᠵᠦ᠂ 10 | ᠭᠠᠷᠤᠶ ᠲᠦᠮᠡᠨ ᠬᠦᠮᠦᠨ ᠳᠤ ᠠᠵᠢᠯ ᠣᠯᠭᠤᠬᠤ ᠶᠢ ᠳᠠᠶᠢᠴᠢᠯᠠᠪᠠ᠃ ᠡᠭᠦᠨ ᠤ ᠬᠠᠮᠲᠤ᠂ ︽ᠠᠳᠠᠯ ᠦᠢᠯᠡᠰ | ᠴᠣᠭᠴᠠᠯᠠᠬᠤ ᠥᠪᠥᠷ ᠮᠣᠩᠭᠤᠯ︾ 6 ᠵᠦᠢᠯ ᠤᠨ ᠠᠳᠠᠯ ᠦᠢᠯᠡᠰ ᠴᠣᠭᠴᠠᠯᠠᠬᠤ ᠲᠥᠯᠥᠪᠯᠡᠭᠡ ᠶᠢ ᠭᠦᠨᠵᠡᠭᠡᠶ | ᠬᠡᠷᠡᠭᠵᠢᠭᠦᠯᠵᠦ᠂ ᠣᠳᠣᠬᠠᠨ ᠪᠣᠯᠲᠠᠯ᠎ᠠ᠂ ᠪᠦᠬᠦ ᠬᠤᠲᠠ ᠶᠢᠨ ᠠᠳᠠᠯ ᠦᠢᠯᠡᠰ ᠴᠤᠭᠴᠠᠯᠠᠭᠴᠢ 8.7 ᠲᠦᠮᠡᠨ ᠬᠥᠮᠦᠨ | ᠪᠣᠯᠵᠤ᠂ ᠠᠳᠠᠯ ᠦᠢᠯᠡᠰ ᠴᠣᠭᠴᠠᠯᠠᠬᠤ ᠪᠠᠷ ᠳᠠᠮᠵᠢᠭᠤᠯᠤᠨ 32.9 ᠲᠦᠮᠡᠨ ᠬᠥᠮᠦᠨ ᠳᠤ ᠠᠵᠢᠯ ᠣᠯᠭᠤᠪᠠ᠃ | ᠪᠡᠭᠡᠵᠢᠩ ᠥᠪᠥᠷ ᠮᠣᠩᠭᠤᠯ ᠤᠨ ᠠᠵᠢᠯ ᠲᠦᠷᠦᠯ ᠢᠶᠠᠷ ᠢᠶᠠᠨ ᠶᠠᠳᠠᠭᠤ ᠬᠦᠴᠢᠷᠳᠡᠯᠲᠡᠶ ᠤᠶᠤᠲᠠᠳ ᠢ ᠬᠠᠪᠰᠤᠷᠤᠨ | ᠲᠡᠳᠬᠦᠵᠦ ᠠᠳᠠᠯ ᠦᠢᠯᠡᠰ ᠴᠣᠭᠴᠠᠯᠠᠭᠤᠯᠬᠤ ᠳᠡᠳᠬᠦᠭᠦᠯ ᠤᠨ ᠪᠡᠯᠡ ᠮᠥᠩᠭᠦ ᠶᠢ 300 ᠲᠦᠮᠡᠨ ᠲᠥᠭᠦᠷᠢᠭ | ᠣᠯᠵᠤ᠂ 1265 ᠬᠥᠮᠦᠨ ᠳᠤ ᠠᠵᠢᠯ ᠣᠯᠭᠤᠪᠠ᠃ ᠪᠦᠬᠦ ᠬᠤᠳᠠ ᠪᠠᠰᠠ ᠶᠠᠳᠠᠭᠤ ᠶᠢ ᠲᠡᠳᠬᠦᠬᠦ ᠪᠠ ᠠᠵᠢᠯ | ᠣᠯᠭᠤᠬᠤ ᠶᠢ ᠤᠶᠠᠯᠳᠤᠭᠤᠯᠤᠭᠰᠠᠨ ᠲᠣᠭᠲᠠᠴᠠ ᠶᠢ ᠪᠠᠶᠢᠭᠤᠯᠵᠤ᠂ ︽ᠤᠯᠠᠭᠠᠨᠴᠠᠪ ᠬᠤᠲᠠ ᠶᠢᠨ ᠠᠵᠢᠯ | ᠣᠯᠭᠤᠯᠲᠠ ᠶᠢᠨ ᠪᠣᠯᠪᠠᠰᠤᠷᠠᠭᠤᠯᠤᠯ ᠢᠶᠠᠷ ᠶᠠᠳᠠᠭᠤ ᠶᠢ ᠲᠡᠳᠬᠦᠬᠦ ᠬᠡᠷᠡᠭᠵᠢᠭᠦᠯᠦᠯᠲᠡ ᠶᠢᠨ ᠲᠥᠰᠦᠯ︾ ᠢ ᠨᠡᠶᠢᠲᠡᠯᠡᠵᠦ᠂ | 3 ᠵᠢᠯ ᠬᠤᠪᠢᠶᠠᠨ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠬᠢᠵᠦ᠂ 5 ᠳ᠋ᠤᠭᠠᠷ ᠰᠠᠷ᠎ᠠ ᠶᠢᠨ ᠡᠴᠦᠰ ᠪᠣᠯᠬᠤ | ᠳᠤ᠂ ᠪᠥᠬᠦ ᠬᠤᠲᠠ ᠶᠢᠨ ᠠᠵᠢᠯ ᠣᠯᠭᠤᠯᠲᠠ ᠪᠠᠷ ᠶᠠᠳᠠᠭᠤ ᠶᠢ ᠲᠡᠳᠬᠦᠬᠦ ᠪᠣᠯᠪᠠᠰᠤᠷᠠᠭᠤᠯᠤᠯ ᠳᠤ ᠣᠷᠣᠯᠴᠠᠭᠰᠠᠨ | ᠬᠥᠮᠥᠨ ᠤ ᠲᠤᠭ᠎ᠠ 4100 ᠬᠦᠷᠴᠡᠢ᠃ ︽ᠠᠵᠢᠯ ᠣᠯᠭᠤᠯᠲᠠ ᠶᠢᠨ ᠲᠠᠪᠤᠨ ᠵᠦᠢᠯ ᠤᠨ ᠢᠨᠵᠧᠨᠧᠷᠢᠩ︾ ᠢ | ᠬᠡᠷᠡᠭᠵᠢᠭᠦᠯᠬᠦ ᠪᠠᠷ ᠳᠠᠮᠵᠢᠭᠤᠯᠤᠨ 110 ᠲᠦᠮᠡᠨ ᠬᠥᠮᠦᠨ ᠳᠤ ᠠᠵᠢᠯ ᠣᠯᠭᠤᠵᠠᠢ᠃ |