ᠥᠪᠥᠷ ᠮᠣᠩᠭᠤᠯ 2017 ᠣᠨ ᠳᠤ ᠴᠡᠷᠢᠭ ᠤᠨ ᠶᠡᠭᠡ ᠳᠡᠭᠡᠳᠦ ᠰᠤᠷᠭᠠᠭᠤᠯᠢ ᠳᠤ ᠨᠡᠷ᠎ᠡ ᠮᠡᠳᠡᠭᠦᠯᠵᠦ ᠰᠢᠯᠭᠠᠭᠤᠯᠬᠤ ᠬᠦᠲᠦᠯᠪᠦᠷᠢ ᠶᠢ ᠨᠡᠶᠢᠲᠡᠯᠡᠪᠡ
ᠨᠡᠶᠢᠲᠡᠯᠡᠭᠰᠡᠨ ᠴᠠᠭ᠄
2017/6/27
     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ ᠲᠥᠪ ᠤᠨ ᠠᠯᠪᠠᠨ ᠸᠢᠴᠡᠲ ᠤᠨ ᠨᠡᠶᠢᠲᠡᠯᠡᠭᠰᠡᠨ ᠮᠡᠳᠡᠭᠡ ᠶᠢ ᠦᠨᠳᠦᠰᠦᠯᠡᠪᠡᠯ᠂ 2017 ᠣᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠠᠴᠠ ᠰᠤᠷᠤᠭᠴᠢ ᠡᠯᠰᠡᠬᠦ ᠴᠡᠷᠢᠭ ᠤᠨ ᠶᠡᠭᠡ ᠳᠡᠭᠡᠳᠦ ᠰᠤᠷᠭᠠᠭᠤᠯᠢ 14 ᠪᠠᠶᠢᠨ᠎ᠠ᠂ ᠲᠣᠬᠠᠶᠢᠯᠠᠪᠠᠯ᠄ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠰᠤᠷᠭᠠᠭᠤᠯᠢ᠂ ᠬᠠᠭᠤᠷᠠᠶ ᠵᠠᠮ ᠤᠨ ᠴᠡᠷᠢᠭ ᠤᠨ ᠪᠠᠷᠢᠯᠭ᠎ᠠ ᠶᠢᠨ ᠶᠡᠭᠡ ᠰᠤᠷᠭᠠᠭᠤᠯᠢ᠂ ᠬᠠᠭᠤᠷᠠᠶ ᠵᠠᠮ ᠤᠨ ᠶᠠᠪᠠᠭᠠᠨ ᠴᠡᠷᠢᠭ ᠤᠨ ᠳᠡᠭᠡᠳᠦ ᠰᠤᠷᠭᠠᠭᠤᠯᠢ᠂ ᠬᠠᠭᠤᠷᠠᠶ ᠵᠠᠮ ᠤᠨ ᠬᠤᠶᠠᠭᠲᠤ ᠴᠡᠷᠢᠭ ᠤᠨ ᠳᠡᠭᠡᠳᠦ ᠰᠤᠷᠭᠠᠭᠤᠯᠢ᠂ ᠬᠠᠭᠤᠷᠠᠶ ᠵᠠᠮ ᠤᠨ ᠶᠡᠭᠡ ᠫᠤᠤᠲᠤ ᠴᠡᠷᠢᠭ ᠤᠨ ᠠᠭᠠᠷ ᠤᠨ ᠰᠡᠷᠭᠡᠶᠢᠯᠡᠯᠲᠡ ᠶᠢᠨ ᠳᠡᠭᠡᠳᠦ ᠰᠤᠷᠭᠠᠭᠤᠯᠢ᠂ ᠬᠠᠭᠤᠷᠠᠶ ᠵᠠᠮ ᠤᠨ ᠴᠡᠷᠢᠭ ᠤᠨ ᠣᠨᠴᠠ ᠲᠥᠷᠥᠯ ᠤᠨ ᠪᠠᠶᠢᠯᠳᠤᠭᠠᠨ ᠤ ᠳᠡᠭᠡᠳᠦ ᠰᠤᠷᠭᠠᠭᠤᠯᠢ᠂ ᠬᠠᠭᠤᠷᠠᠶ ᠵᠠᠮ ᠤᠨ ᠴᠡᠷᠢᠭ ᠤᠨ ᠬᠢᠯᠢ ᠳᠠᠯᠠᠢ ᠶᠢᠨ ᠰᠡᠷᠭᠡᠶᠢᠯᠡᠯᠲᠡ ᠶᠢᠨ ᠳᠡᠭᠡᠳᠦ ᠰᠤᠷᠭᠠᠭᠤᠯᠢ᠂ ᠬᠠᠭᠤᠷᠠᠶ ᠵᠠᠮ ᠤᠨ ᠴᠡᠷᠢᠭ ᠤᠨ ᠬᠢᠮᠢ ᠶᠢᠨ ᠵᠡᠪᠰᠡᠭ ᠢ ᠰᠡᠷᠭᠡᠶᠢᠯᠡᠬᠦ ᠳᠡᠭᠡᠳᠦ ᠰᠤᠷᠭᠠᠭᠤᠯᠢ᠂ ᠬᠠᠭᠤᠷᠠᠶ ᠵᠠᠮ ᠤᠨ ᠴᠡᠷᠢᠭ ᠤᠨ ᠴᠡᠷᠢᠭ ᠤᠨ ᠶᠠᠪᠤᠳᠠᠯ ᠤᠨ ᠵᠠᠮ ᠬᠠᠷᠢᠯᠴᠠᠭᠠᠨ ᠤ ᠳᠡᠭᠡᠳᠦ ᠰᠤᠷᠭᠠᠭᠤᠯᠢ᠂ ᠴᠡᠷᠢᠭ ᠤᠨ ᠡᠮᠨᠡᠯᠭᠡ ᠶᠢᠨ ᠬᠤᠶᠠᠳᠤᠭᠠᠷ ᠶᠡᠭᠡ ᠰᠤᠷᠭᠠᠭᠤᠯᠢ᠂ ᠠᠭᠠᠷ ᠤᠨ ᠴᠡᠷᠢᠭ ᠤᠨ ᠪᠠᠷᠢᠯᠭ᠎ᠠ ᠶᠢᠨ ᠶᠡᠭᠡ ᠰᠤᠷᠭᠠᠭᠤᠯᠢ᠂ ᠠᠭᠠᠷ ᠤᠨ ᠴᠡᠷᠢᠭ ᠤᠨ ᠤᠷᠢᠳᠴᠢᠯᠠᠨ ᠰᠡᠷᠡᠮᠵᠢᠯᠡᠭᠦᠯᠬᠦ ᠳᠡᠭᠡᠳᠦ ᠰᠤᠷᠭᠠᠭᠤᠯᠢ᠂ ᠴᠡᠷᠢᠭ ᠤᠨ ᠡᠮᠨᠡᠯᠭᠡ ᠶᠢᠨ ᠳᠥᠷᠪᠡᠳᠦᠭᠡᠷ ᠶᠡᠭᠡ ᠰᠤᠷᠭᠠᠭᠤᠯᠢ᠂ ᠮᠡᠳᠡᠭᠡ ᠵᠠᠩᠭᠢ ᠶᠢᠨ ᠢᠨᠵᠧᠨᠧᠷᠢᠩ ᠤᠨ ᠶᠡᠭᠡ ᠰᠤᠷᠭᠠᠭᠤᠯᠢ ᠪᠣᠯᠤᠨ᠎ᠠ᠃ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢᠨ ᠶᠡᠭᠡ ᠳᠡᠭᠡᠳᠦ ᠰᠤᠷᠭᠠᠭᠤᠯᠢ 3 ᠪᠣᠶ᠂ ᠲᠤᠬᠠᠶᠢᠯᠠᠪᠠᠯ᠄ ᠵᠡᠪᠰᠡᠭᠲᠦ ᠴᠠᠭᠳᠠᠭ᠎ᠠ ᠶᠢᠨ ᠪᠠᠷᠢᠯᠭ᠎ᠠ ᠶᠢᠨ ᠶᠡᠭᠡ ᠰᠤᠷᠭᠠᠭᠤᠯᠢ᠂ ᠵᠡᠪᠰᠡᠭᠲᠦ ᠴᠠᠭᠳᠠᠭ᠎ᠠ ᠶᠢᠨ ᠣᠹᠢᠼᠧᠷ ᠤᠨ ᠳᠡᠭᠡᠳᠦ ᠰᠤᠷᠭᠠᠭᠤᠯᠢ᠂ ᠵᠡᠪᠰᠡᠭᠲᠦ ᠴᠠᠭᠳᠠᠭ᠎ᠠ ᠶᠢᠨ ᠣᠨᠴᠠ ᠲᠥᠷᠥᠯ ᠤᠨ ᠴᠠᠭᠳᠠᠭ᠎ᠠ ᠶᠢᠨ ᠳᠡᠭᠡᠳᠦ ᠰᠤᠷᠭᠠᠭᠤᠯᠢ ᠪᠣᠯᠤᠨ᠎ᠠ᠃       ᠳᠡᠭᠡᠷ᠎ᠡ ᠳᠤᠷᠠᠳᠤᠭᠰᠠᠨ ᠶᠡᠭᠡ ᠳᠡᠭᠡᠳᠦ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠨᠢ ᠴᠥᠮ ᠵᠢᠩᠬᠢᠨᠢ ᠠᠩᠭᠢ ᠪᠣᠯᠣᠨ᠎ᠠ᠂ ᠵᠡᠪᠰᠡᠭᠲᠦ ᠴᠠᠭᠳᠠᠭ᠎ᠠ ᠶᠢᠨ ᠪᠠᠷᠢᠯᠭ᠎ᠠ ᠶᠢᠨ ᠶᠡᠭᠡ ᠰᠤᠷᠭᠠᠭᠤᠯᠢ᠂ ᠵᠡᠪᠰᠡᠭᠲᠦ ᠴᠠᠭᠳᠠᠭ᠎ᠠ ᠶᠢᠨ ᠣᠹᠢᠼᠧᠷ ᠤᠨ ᠳᠡᠭᠡᠳᠦ ᠰᠤᠷᠭᠠᠭᠤᠯᠢ᠂ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢᠨ ᠣᠨᠴᠠ ᠲᠥᠷᠥᠯ ᠤᠨ ᠴᠠᠭᠳᠠᠭ᠎ᠠ ᠶᠢᠨ ᠳᠡᠭᠡᠳᠦ ᠰᠤᠷᠭᠠᠭᠤᠯᠢ ᠶᠢᠨ ᠬᠡᠰᠡᠭ ᠲᠤᠰᠬᠠᠶ  ᠮᠡᠷᠭᠡᠵᠢᠯ ᠳᠤ ᠵᠢᠩᠭᠢᠨᠢ ᠠᠩᠭᠢ ᠶᠢᠨ ᠬᠤᠶᠠᠳᠣᠭᠠᠷ ᠪᠦᠯᠦᠭ ᠤᠨ ᠬᠤᠪᠢ ᠶᠢᠨ ᠬᠢᠵᠠᠭᠠᠷ ᠲᠤ ᠬᠦᠷᠦᠭᠰᠡᠨ ᠰᠢᠯᠭᠠᠭᠤᠯᠤᠭᠴᠢᠳ ᠢ ᠡᠯᠰᠡᠬᠦ ᠶᠢ ᠭᠠᠷᠭᠠᠪᠠᠯ᠂ ᠪᠤᠰᠤᠳ ᠶᠡᠭᠡ ᠳᠡᠭᠡᠳᠦ ᠰᠤᠷᠭᠠᠭᠤᠯᠢ ᠨᠤᠭᠤᠳ ᠵᠥᠪᠬᠡᠨ ᠵᠢᠩᠬᠢᠨᠢ ᠠᠩᠭᠢ ᠶᠢᠨ ᠨᠢᠭᠡᠳᠦᠭᠡᠷ ᠪᠦᠯᠦᠭ ᠤᠨ ᠬᠢᠵᠠᠭᠠᠷ ᠬᠤᠪᠢ ᠳᠤ ᠬᠦᠷᠦᠭᠰᠡᠨ ᠰᠢᠯᠭᠠᠭᠤᠯᠤᠭᠴᠢᠳ ᠢ ᠯᠡ ᠡᠯᠰᠡᠨ᠎ᠡ᠃  ᠡᠯ᠎ᠡ ᠶᠡᠭᠡ ᠳᠡᠭᠡᠳᠦ ᠰᠤᠷᠭᠠᠭᠤᠯᠢ ᠵᠢᠴᠢ ᠬᠤᠪᠢᠶᠠᠷᠢ ᠰᠤᠷᠭᠠᠭᠤᠯᠢ ᠶᠢᠨ ᠰᠠᠭᠤᠷᠢᠰᠢᠯ ᠢ ᠰᠢᠯᠭᠠᠭᠤᠯᠤᠭᠴᠢᠳ ᠰᠤᠷᠭᠠᠭᠤᠯᠢ ᠶᠢᠨ ᠰᠤᠷᠤᠭᠴᠢ ᠡᠯᠰᠡᠬᠦ ᠰᠦᠯᠵᠢᠶ᠎ᠡ ᠠᠴᠠ ᠪᠠᠶᠢᠴᠠᠭᠠᠨ ᠯᠠᠪᠯᠠᠵᠤ ᠪᠣᠯᠤᠨ᠎ᠠ᠃       ᠳᠠᠬᠢᠪᠠᠯ᠂ 2017 ᠣᠨ ᠳᠤ ᠨᠢᠰᠬᠡᠯᠴᠢ ᠡᠯᠰᠡᠬᠦ ᠲᠥᠯᠥᠪᠯᠡᠭᠡ ᠶᠢ ᠦᠨᠳᠦᠰᠦᠯᠡᠪᠡᠯ᠂ ᠠᠭᠠᠷ ᠤᠨ ᠴᠡᠷᠢᠭ ᠠᠩᠭᠢ 2017 ᠣᠨ ᠳᠤ 11 ᠳ᠋ᠦ᠋ᠭᠡᠷ ᠪᠦᠯᠦᠭ ᠡᠮᠡᠭᠲᠡᠶ ᠨᠢᠰᠬᠡᠯᠴᠢ 35᠎ ᠶᠢ ᠡᠯᠰᠡᠬᠦ ᠪᠣᠯᠣᠨ᠎ᠠ᠃  ᠵᠢᠱᠢᠬᠦ ᠳᠤ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠰᠣᠶᠣᠯ ᠤᠨ ᠬᠢᠴᠢᠶᠡᠯ ᠤᠨ ᠬᠢᠷᠢ ᠪᠦᠲᠦᠮᠵᠢ ᠨᠢ ᠵᠢᠩᠬᠢᠨᠢ ᠠᠩᠭᠢ ᠶᠢᠨ ᠨᠢᠭᠡᠳᠦᠭᠡᠷ ᠪᠦᠯᠦᠭ ᠤᠨ ᠬᠢᠵᠠᠭᠠᠷ ᠬᠤᠪᠢ ᠳᠤ ᠬᠦᠷᠦᠭᠰᠡᠨ ᠥᠪᠥᠷ ᠮᠣᠩᠭᠤᠯ ᠤᠨ ᠦᠨᠳᠦᠷ ᠵᠡᠷᠭᠡ ᠶᠢᠨ ᠳᠤᠮᠳᠠᠳᠤ ᠰᠤᠷᠭᠠᠭᠤᠯᠢ ᠠᠴᠠ ᠲᠡᠭᠦᠰᠦᠭᠰᠡᠨ ᠡᠮᠡᠭᠲᠡᠢ ᠰᠤᠷᠤᠭᠴᠢ ᠪᠣᠯ ᠪᠡᠭᠡᠵᠢᠩ ᠤᠨ ᠰᠢᠯᠢᠨ ᠰᠤᠩᠭᠤᠬᠤ ᠲᠥᠪ ᠠᠴᠠ ᠨᠠᠷᠢᠨ ᠪᠠᠶᠢᠳᠠᠯ ᠢ ᠯᠠᠪᠯᠠᠵᠤ ᠪᠣᠯᠬᠤ ᠮᠥᠷᠲᠡᠭᠡᠨ ᠪᠠᠰᠠ ᠠᠭᠠᠷ ᠤᠨ ᠴᠡᠷᠢᠭ ᠤᠨ ᠨᠢᠰᠬᠡᠯᠴᠢ ᠡᠯᠰᠡᠬᠦ ᠰᠦᠯᠵᠢᠶ᠎ᠡ᠂ ︽ᠤᠮᠠᠷᠠᠲᠤ ᠣᠷᠣᠨ ᠤ ᠨᠢᠰᠬᠡᠯᠴᠢ ᠡᠯᠰᠡᠬᠦ︾ ᠸᠢᠴᠠᠲ ᠤᠨ ᠵᠢᠷᠭᠢᠭᠡ ︵HBZF-2014︶᠎ ᠪᠠᠷ ᠳᠠᠮᠵᠢᠨ ᠰᠤᠷᠤᠭᠴᠢ ᠡᠯᠰᠡᠬᠦ ᠪᠤᠳᠠᠲᠠᠢ ᠠᠷᠭ᠎ᠠ ᠶᠢ ᠣᠶᠢᠯᠠᠭᠠᠵᠤ ᠪᠣᠯᠣᠨ᠎ᠠ᠃ 2017 ᠣᠨ ᠤ 6 ᠳ᠋ᠤᠭᠠᠷ ᠰᠠᠷ᠎ᠠ ᠶᠢᠨ 27 ᠪᠣᠯᠲᠠᠯ᠎ᠠ ᠨᠡᠷ᠎ᠡ ᠮᠡᠳᠡᠭᠦᠯᠦᠨ᠎ᠡ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号