ᠲᠥᠪ ᠤᠨ ᠤᠬᠠᠭᠤᠯᠬᠤ ᠬᠡᠯᠲᠡᠰ ᠤᠨ ᠳᠡᠳ᠋ ᠳᠠᠷᠤᠭ᠎ᠠ ᠯᠦ ᠸᠧᠢ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢᠨ ᠪᠠᠶᠢᠭᠤᠯᠤᠯᠲᠠ ᠬᠢᠭᠡᠳ ᠶᠡᠭᠡ ᠳᠡᠭᠡᠳᠦ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠠᠵᠢᠯ ᠤᠨ ᠲᠤᠬᠠᠢ ᠬᠢᠩᠭᠠᠨ ᠠᠶᠢᠮᠠᠭ ᠲᠤ ᠪᠠᠶᠢᠴᠠᠭᠠᠨ ᠰᠣᠳᠤᠯᠵᠠᠢ
ᠨᠡᠶᠢᠲᠡᠯᠡᠭᠰᠡᠨ ᠴᠠᠭ᠄
2017/6/28
      6 ᠳ᠋ᠤᠭᠠᠷ ᠰᠠᠷ᠎ᠠ ᠶᠢᠨ 24 ᠠᠴᠠ 25 ᠤ ᠡᠳᠦᠷ ᠪᠤᠯᠳᠠᠯ᠎ᠠ᠂ ᠲᠦᠪ ᠤᠨ ᠤᠬᠠᠭᠤᠯᠬᠤ ᠭᠡᠯᠳᠡᠰ ᠤᠨ ᠳᠡᠳ᠋ ᠳᠠᠷᠤᠭ᠎ᠠ ᠯᠦ ᠸᠧᠢ ᠨᠡᠶᠢᠭᠡᠮ ᠵᠢᠷᠤᠮ ᠤᠨ ᠭᠤᠤᠯᠯᠠᠬᠴᠢ ᠦᠷᠳᠡᠭ ᠤᠨ ᠦᠵᠡᠯᠳᠠ ᠶᠢᠨ ᠪᠠᠶᠢᠭᠤᠯᠤᠯᠳᠠ ᠪᠤᠯᠤᠨ ᠶᠡᠭᠡ ᠳᠡᠭᠡᠳᠦ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠤᠨ ᠲᠤᠬᠠᠢ ᠬᠢᠩᠭᠠᠨ ᠠᠶᠢᠮᠠᠬ ᠲᠤ ᠪᠠᠶᠢᠴᠠᠭᠠᠨ ᠰᠤᠳᠤᠯᠵᠠᠢ᠃ ᠲᠡᠷᠡ᠂ ᠨᠡᠶᠢᠭᠡᠮ ᠵᠢᠷᠤᠮ ᠤᠨ ᠭᠤᠤᠯᠯᠠᠬᠴᠢ ᠦᠷᠳᠡᠭ ᠤᠨ ᠦᠵᠡᠯᠳᠠ ᠶᠢ ᠶᠡᠭᠡᠪᠡᠷ ᠪᠤᠶᠢᠵᠢᠭᠤᠯᠤᠨ ᠦᠢᠯᠡᠳᠦᠯᠭᠡᠵᠢᠬᠦᠯᠵᠦ᠂ ᠨᠡᠶᠢᠭᠡᠮ ᠵᠢᠷᠤᠮ ᠤᠨ ᠭᠤᠤᠯᠯᠠᠬᠴᠢ ᠦᠷᠳᠡᠭ ᠤᠨ ᠦᠵᠡᠯᠳᠠ ᠶᠢ ᠤᠯᠤᠰ ᠠᠷᠠᠳ ᠤᠨ ᠰᠤᠷᠭᠠᠨ ᠬᠦᠮᠦᠵᠢᠯ ᠤᠨ ᠪᠦᠬᠦ ᠶᠠᠪᠤᠴᠠ ᠳᠤ ᠠᠭᠤᠰᠤᠯᠴᠠᠭᠤᠯᠵᠦ᠂ ᠦᠭᠡᠷᠡᠴᠢᠯᠡᠯᠳᠠ ᠬᠦᠭᠵᠢᠯᠳᠠ ᠪᠠ ᠠᠵᠤ ᠠᠬᠤᠢ ᠶᠢᠨ ᠪᠦᠳᠦᠭᠡᠨ ᠪᠠᠶᠢᠭᠤᠯᠤᠯᠳᠠ ᠶᠢᠨ ᠡᠯ᠎ᠠ ᠬᠦᠷᠢᠶᠡᠨ ᠳᠤ ᠲᠤᠤᠱᠯᠠᠭᠤᠯᠵᠦ᠂ ᠠᠵᠤ ᠠᠬᠤᠢ ᠨᠡᠶᠢᠭᠡᠮ  ᠤᠨ ᠬᠦᠭᠵᠢᠯᠳᠠ ᠳᠤ ᠡᠷᠡᠮᠡᠭᠡᠶᠢᠯᠡᠨ ᠲᠡᠮᠡᠴᠡᠵᠦ ᠤᠷᠤᠬᠰᠢ ᠲᠠᠪᠰᠢᠬᠤ ᠵᠤᠷᠢᠭ ᠰᠠᠨᠠᠭᠠᠨ ᠤ ᠬᠦᠴᠦ ᠶᠢ ᠨᠢᠬᠳᠠᠷᠠᠭᠤᠯᠬᠤ ᠭᠡᠷᠡᠭᠲᠡᠢ ᠭᠡᠵᠦ ᠴᠢᠬᠤᠯᠠᠴᠢᠯᠠᠪᠠ᠃      ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠬᠦᠨ᠂ ᠤᠬᠠᠭᠤᠯᠬᠤ ᠭᠡᠯᠳᠡᠰ  ᠤᠨ ᠳᠠᠷᠤᠭ᠎ᠠ ᠪᠠᠢ ᠢᠤᠢ ᠭᠠᠩ ᠪᠠᠷ᠎ᠠ ᠪᠤᠯᠤᠯᠴᠠᠨ ᠪᠠᠶᠢᠴᠠᠭᠠᠨ ᠰᠤᠳᠤᠯᠵᠠᠢ᠃      ᠤᠯᠠᠭᠠᠨᠬᠤᠳᠠ ᠶᠢᠨ ᠮᠤᠩᠭᠤᠯ ᠦᠨᠳᠦᠰᠦᠳᠡᠨ ᠤ ᠪᠠᠭ᠎ᠠ ᠰᠤᠷᠭᠠᠭᠤᠯᠢ ᠳᠤ᠂ ᠯᠦ ᠸᠧᠢ ᠰᠤᠷᠤᠬᠴᠢᠳ ᠤᠨ ᠲᠤᠷ᠎ᠠ ᠪᠠᠬ᠎ᠠ ᠶᠢᠨ ᠠᠵᠢᠯᠯᠠᠭ᠎ᠠ ᠶᠢᠨ ᠪᠠᠭ᠎ᠠ ᠲᠤᠭᠤᠶᠢᠯᠠᠩ ᠤᠨ ᠬᠢᠴᠢᠶᠡᠯ ᠢ ᠰᠤᠨᠢᠷᠬᠠᠨ ᠦᠵᠡᠵᠦ᠂ ᠪᠠᠭ᠎ᠠ ᠰᠤᠷᠭᠠᠭᠤᠯᠢ ᠶᠢᠨ ᠰᠤᠷᠤᠬᠴᠢᠳ ᠲᠠᠢ ᠲᠤᠳᠤᠨᠤᠰᠤᠭ ᠢᠶᠠᠷ ᠶᠠᠷᠢᠯᠴᠠᠵᠦ᠂ ᠰᠤᠷᠭᠠᠭᠤᠯᠢ ᠶᠢᠨ ᠦᠨᠳᠦᠰᠦᠳᠡᠨ ᠤ ᠤᠷ᠎ᠠ ᠮᠡᠷᠭᠡᠵᠢᠯ ᠤᠨ ᠤᠯᠠᠮᠵᠢᠯᠠᠯ ᠢ ᠳᠡᠭᠡᠳᠦ ᠭᠡᠮᠵᠢᠶ᠎ᠠ ᠪᠠᠷ ᠴᠢᠬᠤᠯᠠᠴᠢᠯᠠᠭᠰᠠᠨ ᠠᠷᠭ᠎ᠠ ᠬᠢᠳᠡᠯ ᠢ ᠬᠦᠢᠴᠡᠳ ᠨᠤᠳᠠᠯᠠᠵᠠᠢ᠃ ᠲᠡᠷᠡ᠂ ᠪᠢᠴᠢᠭ ᠵᠢᠭᠠᠬᠤ ᠪᠤᠯ ᠠᠷᠭ᠎ᠠ ᠭᠡᠮᠵᠢᠶ᠎ᠠ᠂ ᠬᠦᠮᠦᠨ ᠢ ᠬᠦᠮᠦᠵᠢᠬᠦᠯᠬᠦ ᠪᠤᠯ ᠬᠠᠷᠠᠯᠳᠠ ᠮᠦᠨ᠂ ᠰᠤᠷᠭᠠᠭᠤᠯᠢ ᠶᠢᠨ ᠬᠢᠨ ᠭᠤᠤᠯᠯᠠᠬᠴᠢ ᠦᠷᠳᠡᠭ ᠤᠨ ᠦᠵᠡᠯᠳᠠ ᠶᠢ ᠰᠤᠷᠭᠠᠨ ᠬᠦᠮᠦᠵᠢᠯ ᠵᠢᠭᠠᠨ ᠰᠤᠷᠭᠠᠬᠤ ᠪᠦᠬᠦ ᠶᠠᠪᠤᠴᠠ ᠳᠤ ᠠᠭᠤᠰᠤᠯᠴᠠᠭᠤᠯᠵᠦ᠂ ᠰᠤᠷᠤᠭᠴᠢᠳ ᠢ ᠢᠳᠡᠭ ᠢᠳᠡᠭ ᠢᠶᠠᠷ ᠨᠦᠯᠦᠭᠡᠯᠡᠬᠦ ᠳᠤᠮᠳᠠ ᠨᠡᠶᠢᠭᠡᠮ ᠵᠢᠷᠤᠮ  ᠤᠨ ᠭᠤᠤᠯᠯᠠᠬᠴᠢ ᠦᠷᠳᠡᠭ ᠤᠨ ᠦᠵᠡᠯᠳᠠ ᠶᠢᠨ ᠬᠦᠨᠵᠡᠭᠡᠢ ᠳᠤᠳᠤᠭᠠᠳᠦ ᠠᠭᠤᠯᠬᠤᠨ ᠢ ᠤᠶᠢᠯᠠᠭᠠᠭᠤᠯᠬᠤ ᠭᠡᠷᠡᠭᠲᠡᠢ ᠭᠡᠵᠦ ᠵᠢᠭᠠᠵᠦ ᠭᠠᠷᠭᠠᠪᠠ᠃      ᠦᠪᠦᠷ ᠮᠤᠩᠭᠤᠯ ᠤᠨ ᠦᠨᠲᠦᠰᠦᠲᠡᠡ ᠤ ᠴᠢᠯᠦᠭᠡᠯᠡᠯᠲᠡ ᠶᠢᠨ ᠲᠤᠷᠠᠰᠬᠠᠯ ᠤᠨ ᠤᠷᠲᠤᠨ ᠳᠤ᠂ ᠲᠠᠨᠢᠯᠴᠠᠭᠤᠯᠤᠭᠴᠢ ᠶᠢᠨ ᠲᠠᠨᠢᠯᠴᠠᠭᠤᠯᠭ᠎ᠠ ᠶᠢ ᠲᠠᠭᠠᠵᠦ᠂ ᠯᠦ ᠸᠧᠢ ᠲᠤᠮᠲᠠᠲᠤ ᠤᠯᠤᠰ ᠤᠨ ᠡᠪ ᠬᠠᠮᠲᠤ ᠨᠠᠮ ᠤᠨ ᠤᠲᠤᠷᠢᠲᠤᠯᠭ᠎ᠠ ᠲᠤᠤᠷᠠᠬᠢ ᠮᠠᠠ ᠤ ᠤᠯᠤᠰ ᠤᠨ ᠠᠩᠬᠠᠲᠠᠭᠴᠢ ᠮᠤᠵᠢ ᠶᠢᠨ ᠱᠠᠲᠤᠨ ᠤ ᠴᠦᠭᠡᠡ ᠲᠤᠭᠠᠲᠤ ᠦᠨᠲᠦᠰᠦᠲᠡᠡ ᠤ ᠦᠪᠡᠷᠲᠡᠭᠡᠡ ᠵᠠᠰᠠᠬᠤ ᠤᠷᠤᠨ ᠪᠠᠶᠢᠭᠤᠯᠤᠭᠲᠠᠭᠰᠠᠠ ᠲᠡᠤᠬᠡ ᠶᠢ ᠨᠠᠷᠢᠨ ᠬᠢᠨᠠᠮᠠᠭᠠᠢ ᠰᠤᠨᠤᠰᠴᠠᠢ᠃ ᠲᠡᠷᠡ᠂ ᠲᠠᠨᠢᠯᠴᠠᠭᠤᠯᠤᠭᠴᠢ ᠶᠢᠨ ᠡᠩᠨᠡᠭᠡ ᠶᠢᠨ ᠪᠦᠲᠦᠭᠡᠡ ᠪᠠᠶᠢᠭᠤᠯᠤᠯᠲᠠ ᠶᠢ ᠴᠢᠩᠭᠠᠳᠬᠠᠠ᠂ ᠲᠠᠨᠢᠯᠴᠠᠭᠤᠯᠤᠭᠴᠢ  ᠶᠢᠨ ᠲᠠᠶᠢᠯᠪᠤᠷᠢᠯᠠᠬᠤ ᠲᠦᠪᠰᠢᠨ ᠪᠤᠯᠤᠨ ᠶᠡᠷᠦᠩᠭᠡᠶᠢᠯᠡᠭᠰᠡᠡ ᠬᠡᠪ ᠴᠢᠨᠠᠷ ᠢ ᠪᠦᠬᠦ ᠲᠠᠯ᠎ᠠ ᠪᠠᠷ ᠲᠡᠭᠡᠭᠰᠢᠯᠡᠭᠦᠯᠵᠦ᠂ ᠴᠢᠩ ᠰᠡᠳᠭᠢᠯ ᠠᠴᠠ ᠪᠠᠨ᠂ ᠤᠷᠭᠢᠯᠤᠮ᠎ᠠ ᠰᠡᠳᠬᠢᠯᠭᠡ ᠪᠠᠷ᠂ ᠠᠵᠢᠯ ᠦᠢᠯᠡᠰ ᠢᠶᠠᠨ ᠲᠡᠭᠡᠲᠦᠯᠡᠵᠦ᠂ ᠠᠬᠠᠮᠠᠳ ᠨᠢᠭᠡ ᠦᠶ᠎ᠠ ᠶᠢᠨ ᠦᠭᠡᠶᠢᠭᠦᠦ ᠠᠩᠭᠢ ᠶᠢᠨ ᠬᠤᠪᠢᠰᠬᠠᠯᠴᠢᠳ ᠤᠨ ᠬᠤᠪᠢᠰᠬᠠᠯ ᠤᠨ ᠦᠯᠢᠭᠡᠷ ᠢ ᠰᠠᠶᠢᠲᠤᠷ ᠶᠠᠷᠢᠬᠤ ᠭᠡᠷᠡᠭᠲᠡᠢ ᠭᠡᠵᠦ ᠴᠢᠬᠤᠯᠠᠴᠢᠯᠠᠪᠠ᠃ ᠴᠡᠴᠡᠭᠲᠦ ᠲᠤᠰᠬᠤᠨ ᠢᠯᠠᠯᠲᠠ ᠭᠠᠴᠠᠭ᠎ᠠ ᠪᠠᠷ ᠲᠤᠭᠤᠷᠢᠬᠤ ᠳᠤ᠂ ᠡᠮᠦᠨ᠎ᠠ ᠭᠠᠵᠠᠷ ᠤᠨ ᠬᠡᠪ ᠵᠠᠩᠰᠢᠯ ᠢᠶᠠᠷ ᠪᠢᠯᠬᠠᠮ᠎ᠠ ᠦᠩᠭᠡ ᠦᠵᠡᠮᠵᠢ ᠬᠦᠮᠦᠰ ᠤᠨ ᠡᠮᠦᠨ᠎ᠠ ᠲᠤᠲᠤᠷᠠᠨ᠎ᠠ᠃ ᠤᠶᠢᠷ᠎ᠠ ᠶᠢᠨ ᠵᠢᠯ ᠳᠤ᠂ ᠤᠯᠠᠭᠠᠠᠬᠤᠲᠠ ᠶᠢᠨ ᠢᠯᠠᠯᠲᠠ ᠭᠠᠴᠠᠭ᠎ᠠ ᠨᠡᠶᠢᠭᠡᠮ ᠵᠢᠷᠤᠮ ᠤᠨ ᠭᠤᠤᠯᠯᠠᠭᠴᠢ ᠦᠷᠲᠡᠭ ᠤᠨ ᠦᠵᠡᠯᠲᠡ ᠶᠢ ᠪᠤᠶᠢᠵᠢᠭᠤᠯᠤᠨ ᠦᠢᠯᠡᠲᠦᠯᠭᠡᠵᠢᠭᠦᠯᠬᠦ ᠶᠢ ᠡᠭᠡᠯ ᠠᠷᠠᠳ ᠤᠨ ᠦᠢᠯᠡᠳᠪᠦᠷᠢᠯᠡᠯ ᠠᠮᠢᠲᠤᠷᠠᠯ᠂ ᠦᠨᠲᠦᠰᠦᠨ ᠱᠠᠲᠤᠨ ᠤ ᠨᠠᠮ ᠤᠨ ᠪᠠᠶᠢᠭᠤᠯᠤᠯᠲᠠ᠂ ᠭᠠᠴᠠᠭ᠎ᠠ ᠲᠤᠰᠬᠤᠨ ᠤ ᠵᠠᠰᠠᠯᠲᠠ ᠳᠤ ᠠᠭᠤᠰᠤᠯᠴᠠᠭᠤᠯᠵᠦ᠂ ᠨᠡᠶᠢᠭᠡᠮ ᠵᠢᠷᠤᠮ ᠤᠨ ᠭᠤᠤᠯᠯᠠᠭᠴᠢ ᠦᠷᠲᠡᠭ ᠤᠨ ᠦᠵᠡᠯᠲᠡ ᠶᠢ ᠨᠠᠶᠢᠲᠠᠪᠤᠷᠢᠵᠢᠭᠤᠯᠬᠤ ᠶᠢ ᠠᠬᠢᠭᠤᠯᠤᠭᠰᠠᠠ ᠪᠠᠶᠢᠨ᠎ᠠ᠃ ᠯᠦ ᠸᠧᠢ᠂ ᠦᠷᠬᠡᠨ ᠤᠯᠠᠨ ᠲᠠᠷᠢᠶᠠᠴᠢᠨ ᠲᠦᠮᠡᠨ ᠪᠤᠯ ᠨᠡᠶᠢᠬᠡᠮ ᠵᠢᠷᠤᠮ ᠤᠨ ᠰᠢᠨ᠎ᠠ ᠬᠦᠳᠡᠭᠡ ᠲᠤᠰᠬᠤᠨ ᠢ ᠪᠦᠳᠤᠬᠡᠨ ᠪᠠᠶᠢᠭᠤᠯᠬᠤ ᠭᠤᠤᠯ ᠬᠦᠴᠤᠨ ᠴᠡᠷᠢᠭ ᠪᠤᠯᠬᠤᠷ ᠲᠠᠷᠢᠶᠠᠴᠢᠳ ᠢ ᠲᠤᠰ ᠲᠤᠰᠬᠤᠨ ᠢᠶᠠᠷ ᠢᠶᠠᠨ ᠰᠠᠭᠤᠷᠢᠯᠠᠵᠤ᠂ ᠴᠢᠨᠡᠭᠡᠯᠢᠭᠵᠢᠯ ᠤᠨ ᠰᠢᠨ᠎ᠠ ᠵᠠᠮ ᠢ ᠨᠡᠬᠡᠬᠡᠨ᠂ ᠲᠤᠬᠠᠢ ᠶᠢᠨ ᠭᠠᠵᠠᠷ ᠤᠨ ᠰᠢᠯᠢᠳᠡᠭ ᠤᠯᠠᠮᠵᠢᠯᠠᠯᠳᠤ ᠰᠤᠶᠤᠯ ᠪᠤᠯᠤᠨ ᠲᠡᠷᠬᠡᠳᠡᠬᠢ ᠨᠡᠶᠢᠳᠡᠯᠢᠭ ᠬᠦᠮᠤᠨ ᠤᠶᠢᠯᠠ ᠠᠵᠢᠯᠯᠠᠭ᠎ᠠ ᠶᠢ ᠬᠦᠨᠵᠡᠬᠡᠢ ᠠᠭᠤᠳᠠᠯᠤᠨ ᠭᠠᠷᠭᠠᠵᠤ᠂ ᠰᠠᠶᠢᠨ ᠰᠠᠶᠢᠬᠠᠨ ᠰᠤᠷᠳᠠᠯ ᠢ ᠬᠦᠮᠤᠵᠢᠬᠦᠯᠬᠦ ᠭᠡᠷᠡᠭᠳᠠᠢ ᠬᠡᠵᠤ ᠵᠢᠭᠠᠵᠤ ᠭᠠᠷᠭᠠᠪᠠ᠃      ᠬᠤᠷᠴᠢᠨ ᠪᠠᠷᠠᠭᠤᠨ ᠭᠠᠷᠤᠨ ᠡᠮᠤᠨᠡᠳᠤ ᠬᠤᠰᠢᠭᠤᠨ ᠤ ᠰᠢᠩ ᠺᠧ ᠨᠡᠶᠢᠬᠡᠮ ᠲᠤᠭᠤᠷᠢᠬ ᠲᠤ᠂ ᠯᠦ ᠸᠧᠢ ᠨᠡᠶᠢᠬᠡᠮ ᠲᠤᠭᠤᠷᠢᠬ ᠤᠨ ᠵᠤᠭ᠎ᠠ ᠴᠡᠩᠬᠡᠯ ᠤᠨ ᠠᠵᠢᠯᠯᠠᠭ᠎ᠠ᠂ ᠨᠤᠮ ᠪᠢᠴᠢᠭ ᠤᠩᠰᠢᠯᠭ᠎ᠠ᠂ ᠤᠯᠠᠨ ᠨᠡᠶᠢᠳᠠ ᠶᠢᠨ ᠤᠶᠢᠯᠡᠴᠢᠯᠡᠭᠡ᠂ ᠰᠠᠭᠤᠭᠠᠯᠢ ᠠᠷᠠᠳ ᠤᠨ ᠵᠦᠪᠯᠡᠯᠬᠡ ᠬᠢᠬᠦ ᠭᠠᠵᠠᠷ ᠲᠤ ᠬᠦᠷᠴᠠᠢ᠃ ᠲᠡᠷᠡ᠂ ᠨᠡᠶᠢᠬᠡᠮ ᠲᠤᠭᠤᠷᠢᠬ ᠪᠤᠯ ᠬᠤᠳᠠ ᠶᠢᠨ ᠡᠰ᠂ ᠡᠶ᠎ᠡ ᠵᠤᠬᠢᠴᠠᠩᠭᠤᠢ ᠨᠡᠶᠢᠬᠡᠮ ᠢ ᠪᠠᠶᠢᠭᠤᠯᠬᠤ ᠳᠤ ᠴᠢᠬᠤᠯᠠ ᠤᠶᠢᠯᠡᠳᠤᠯ ᠦᠵᠡᠬᠦᠯᠵᠤ ᠪᠠᠶᠢᠬᠤ ᠪᠤᠯᠬᠤᠷ᠂ ᠨᠡᠶᠢᠬᠡᠮ ᠲᠤᠭᠤᠷᠢᠬ ᠤᠨ ᠨᠡᠶᠢᠬᠡᠮ ᠵᠢᠷᠤᠮ ᠤᠨ ᠭᠤᠤᠯᠯᠠᠬᠴᠢ ᠦᠷᠳᠡᠭ ᠤᠨ ᠦᠵᠡᠯᠳᠠ ᠶᠢᠨ ᠪᠠᠶᠢᠭᠤᠯᠤᠯᠳᠠ ᠶᠢ ᠬᠦᠨᠵᠡᠬᠡᠶᠢᠷᠡᠬᠦᠯᠵᠤ᠂ ᠦᠨᠡᠨ ᠰᠡᠳᠬᠢᠯᠬᠡ ᠪᠠᠷ ᠰᠠᠶᠢᠳᠤᠷ ᠤᠶᠢᠯᠡᠴᠢᠯᠡᠵᠤ᠂ ᠨᠡᠶᠢᠬᠡᠮ ᠲᠤᠭᠤᠷᠢᠬ  ᠤᠨ ᠤᠯᠠᠨ ᠲᠦᠮᠡᠨ ᠤ ᠰᠤᠶᠤᠯ ᠤᠨ ᠠᠮᠢᠳᠤᠷᠠᠯ ᠢ ᠲᠠᠰᠤᠷᠠᠯᠳᠠ ᠦᠬᠡᠢ ᠪᠠᠶᠠᠯᠢᠬᠵᠢᠭᠤᠯᠵᠤ᠂ ᠦᠷᠬᠡᠨ ᠤᠯᠠᠨ ᠲᠦᠮᠡᠨ ᠲᠤ ᠠᠵᠤ ᠠᠬᠤᠢ ᠨᠡᠶᠢᠬᠡᠮ ᠤᠨ ᠬᠦᠭᠵᠢᠯᠳᠠ ᠶᠢᠨ ᠦᠷ᠎ᠠ ᠪᠦᠳᠤᠬᠡᠯ ᠶᠢ ᠥᠨᠡᠨᠬᠦ ᠡᠳ᠋ᠯᠡᠬᠦᠯᠬᠦ ᠭᠡᠷᠡᠭᠳᠠᠢ ᠬᠡᠵᠤ ᠴᠢᠬᠤᠯᠠᠴᠢᠯᠠᠪᠠ᠃      ᠯᠦ ᠸᠧᠢ ᠨᠠᠷ ᠪᠠᠰᠠ ᠬᠢᠩᠭᠠᠠ ᠠᠶᠢᠮᠠᠬ ᠤᠨ ᠠᠵᠢᠯ ᠮᠠᠷᠬᠡᠵᠢᠯ ᠤᠨ ᠳᠡᠭᠡᠳᠦ ᠰᠤᠷᠭᠠᠭᠤᠯᠢ ᠳᠤ ᠬᠦᠨᠵᠡᠬᠡᠶᠢᠷᠡᠡ ᠳᠡᠭᠡᠳᠦ ᠰᠤᠷᠭᠠᠭᠤᠯᠢ ᠶᠢᠨ ᠦᠵᠠᠯ ᠰᠠᠨᠠᠭ᠎ᠠ ᠤᠯᠥᠰ ᠳᠦᠷᠦ ᠶᠢᠨ ᠠᠵᠢᠯ ᠢ ᠨᠠᠷᠢᠠ ᠦᠢᠯᠠᠭᠠᠪᠡ᠃ ᠬᠢᠩᠭᠠᠠ ᠠᠶᠢᠮᠠᠬ ᠤᠨ ︽70 ᠵᠢᠯ ᠤᠨ ᠤᠢ ᠳᠤ ᠤᠷᠢ ᠵᠠᠯᠠᠭᠤ ᠨᠠᠰᠦ ᠪᠠᠨ ᠡᠷᠬᠦᠨᠡᠮ · ᠤᠮᠠᠷᠠᠳᠦ ᠶᠢᠨ ᠰᠠᠶᠢᠠ ᠳᠤᠷ᠎ᠠ ᠶᠢᠨ ᠦᠢᠯᠡᠴᠢᠯᠡᠭᠡ︾ ᠶᠢᠨ ᠠᠵᠢᠯᠯᠠᠭ᠎ᠠ ᠶᠢᠨ ᠡᠬᠢᠯᠡᠯᠳᠡ ᠶᠢᠨ ᠶᠤᠰᠤᠯᠠᠯ ᠤᠨ ᠳᠤᠬᠠᠢ ᠶᠢᠨ ᠳᠡᠯᠡᠪᠡᠢ ᠳᠤ ᠯᠦ ᠸᠧᠢ ᠰᠠᠶᠢᠠ ᠳᠤᠷᠠᠴᠤᠤᠯ ᠤᠨ ᠵᠠᠯᠠᠭᠤᠴᠤᠳ ᠲᠤ ᠳᠤᠬ ᠭᠠᠷᠳᠠᠭᠤᠯᠪᠡ᠃ ᠳᠠᠷᠠ᠂ ︽ᠠᠵᠢᠯᠴᠢ ᠬᠢᠴᠢᠶᠠᠩᠬᠦᠢ ᠪᠠᠷ ᠰᠤᠷᠤᠯᠴᠠᠬᠤ᠂ ᠶᠤᠰᠤ ᠮᠤᠷᠠᠯ ᠲᠠᠢ ᠪᠠᠶᠢᠬᠤ᠂ ᠵᠦᠪ ᠪᠤᠷᠦᠭᠤ ᠶᠢ ᠢᠯᠭᠠᠬᠤ᠂ ᠦᠨᠠᠠᠴᠢ ᠰᠢᠳᠦᠷᠭᠤ ᠪᠠᠶᠢᠬᠤ︾ ᠪᠤᠯ ᠶᠠᠷᠦᠩᠬᠡᠢ ᠱᠦᠵᠢ ᠰᠢ ᠶᠢᠨ ᠫᠢᠩ ᠤᠨ ᠦᠶ ᠤᠯᠠᠠ ᠰᠤᠷᠦᠬᠴᠢᠳ ᠲᠤ ᠳᠠᠯᠪᠢᠬᠰᠠᠠ ᠳᠤᠯᠭᠠᠮ᠎ᠠ ᠬᠦᠰᠠᠯ ᠪᠤᠯᠤᠨ᠎ᠠ᠂ ᠦᠷᠬᠡᠡ ᠤᠯᠠᠠ ᠵᠠᠯᠠᠭᠤ ᠰᠤᠷᠦᠬᠴᠢ ᠢᠳᠠᠪᠬᠢᠳᠠᠢ ᠪᠠᠷ ᠦᠢᠯᠠᠳᠦᠯᠬᠡᠵᠢᠬᠦᠯᠵᠦ᠂ ᠨᠠᠮ ᠢᠶᠠᠨ ᠬᠠᠶᠢᠷᠠᠯᠠᠬᠤ᠂ ᠤᠯᠥᠰ ᠢᠶᠠᠨ ᠬᠠᠶᠢᠷᠠᠯᠠᠬᠤ ᠪᠠ ᠨᠠᠶᠢᠬᠡᠮ ᠵᠢᠷᠦᠮ ᠢ ᠬᠠᠶᠢᠷᠠᠯᠠᠬᠤ ᠶᠢ ᠨᠢᠬᠡᠳᠬᠡᠬᠦ ᠶᠢ ᠪᠠᠷᠢᠮᠳᠠᠯᠠᠵᠦ᠂ ᠠᠯᠥᠰ ᠬᠡᠳᠦ ᠶᠢᠨ ᠬᠦᠰᠠᠯᠠᠩ  ᠢ ᠪᠤᠢ ᠪᠤᠯᠭᠠᠵᠦ᠂ ᠤᠬᠠᠮᠰᠠᠷ ᠠᠴᠠ ᠪᠠᠨ ᠮᠠᠷᠺᠰ ᠤᠨ ᠦᠵᠠᠯ ᠢ ᠰᠤᠷᠦᠯᠴᠠᠬᠴᠢ᠂ ᠰᠤᠳᠤᠯᠤᠬᠴᠢ᠂ ᠬᠠᠯᠠᠭᠤᠠ ᠢᠶᠠᠷ ᠬᠦᠷᠢᠶᠠᠯᠡᠭᠴᠢ ᠪᠤᠯᠵᠦ᠂ ᠨᠠᠶᠢᠬᠡᠮ ᠵᠢᠷᠦᠮ ᠤᠨ ᠭᠤᠤᠯᠯᠠᠬᠴᠢ ᠦᠷᠳᠡᠭ ᠤᠨ ᠦᠵᠡᠯᠳᠠ ᠶᠢ ᠤᠬᠠᠭᠤᠯᠤᠬᠴᠢ᠂ ᠪᠠᠳᠠᠷᠠᠭᠤᠯᠤᠬᠴᠢ᠂ ᠦᠢᠯᠠᠳᠦᠯᠭᠡᠵᠢᠬᠦᠯᠥᠭᠴᠢ ᠪᠤᠯᠬᠤ ᠬᠡᠷᠡᠭᠳᠡᠢ ᠬᠡᠵᠦ ᠵᠢᠭᠠᠵᠦ ᠭᠠᠷᠭᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ  ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号