ᠪᠦᠬᠦ ᠣᠷᠣᠨ ᠤ ᠵᠢᠭᠤᠯᠴᠢᠯᠠᠯ ᠤᠨ ᠴᠢᠬᠤᠯᠠ ᠲᠣᠮᠣ ᠲᠦᠷᠦᠯ ᠵᠦᠢᠯ ᠤᠨ ᠠᠬᠢᠴᠠ ᠤᠷᠤᠭᠰᠢᠲᠠᠶ ᠪᠠᠶᠢᠨ᠎ᠠ
ᠨᠡᠶᠢᠲᠡᠯᠡᠭᠰᠡᠨ ᠴᠠᠭ᠄
2017/6/28
     2017 ᠣᠨ ᠳᠤ ᠪᠦᠬᠦ ᠣᠷᠣᠨ ᠤ ᠵᠢᠭᠤᠯᠴᠢᠯᠠᠯ ᠳᠤ 500 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ᠂ 5 ᠳ᠋ᠤᠭᠠᠷ ᠰᠠᠷ᠎ᠠ ᠶᠢᠨ ᠡᠴᠦᠰ ᠪᠣᠯᠬᠤ ᠳᠤ ᠨᠢᠭᠡᠨᠲᠡ 186.29 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠶᠡᠷᠦᠩᠬᠡᠶ ᠪᠡᠯᠡ ᠣᠷᠣᠭᠤᠯᠤᠯᠲᠠ ᠶᠢᠨ 37.26% ᠶᠢ ᠡᠵᠡᠯᠡᠪᠡ᠃ ᠡᠭᠦᠨ ᠳᠤ᠄ ᠪᠡᠯᠡ ᠣᠷᠣᠭᠤᠯᠤᠯᠲᠠ ᠨᠢ 5000 ᠲᠦᠮᠡᠨ ᠲᠥᠭᠦᠷᠢᠭ ᠠᠴᠠ ᠳᠡᠭᠡᠭᠰᠢᠬᠢ ᠵᠢᠭᠤᠯᠴᠢᠯᠠᠯ ᠤᠨ ᠴᠢᠬᠤᠯᠠ ᠲᠣᠮᠣ ᠲᠥᠷᠥᠯ ᠵᠦᠢᠯ 48 ᠪᠠᠶᠢᠵᠤ᠂ ᠪᠡᠯᠡ ᠣᠷᠣᠭᠤᠯᠤᠯᠲᠠ ᠨᠢ 76.11 ᠳ᠋ᠦᠩᠰᠢᠭᠤᠷ ᠲᠥᠭᠦᠷᠢᠭ ᠲᠤ ᠬᠦᠷᠴᠦ᠂ ᠪᠥᠬᠦ ᠣᠷᠣᠨ ᠤ ᠵᠢᠭᠤᠯᠴᠢᠯᠠᠯ ᠤᠨ ᠪᠡᠯᠡ ᠣᠷᠣᠭᠤᠯᠤᠯᠲᠠ ᠶᠢᠨ  40% ᠶᠢ ᠡᠵᠡᠯᠡᠪᠡ᠃ ᠡᠭᠦᠨ ᠳᠤ ᠠᠵᠢᠯ ᠤᠨ ᠠᠬᠢᠴᠠ ᠨᠢ ᠨᠡᠯᠢᠶᠡᠳ ᠲᠥᠷᠭᠡᠨ ᠪᠠᠶᠢᠭ᠎ᠠ ᠵᠢᠭᠤᠯᠴᠢᠯᠠᠯ ᠤᠨ ᠲᠥᠷᠥᠯ ᠵᠦᠢᠯ ᠳᠤ ᠤᠷᠳᠤᠰ ᠬᠤᠳᠠ ᠶᠢᠨ ᠵᠡᠭᠦᠨᠭᠠᠷ ᠵᠤᠤ ᠶᠢᠨ ᠠᠷᠠᠳ ᠤᠨ ᠵᠠᠩ ᠦᠢᠯᠡ ᠶᠢᠨ ᠰᠣᠶᠣᠯ ᠵᠢᠭᠤᠯᠴᠢᠯᠠᠯ ᠤᠨ ᠳᠦᠷᠦᠯ ᠵᠦᠢᠯ ᠳᠤ ᠨᠢᠭᠡᠨᠲᠡ 4.24 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠪᠠ︔ ᠬᠥᠬᠡᠬᠤᠲᠠ ᠶᠢᠨ ᠵᠣᠣ ᠵᠢᠶᠦ᠋ᠨ ᠰᠣᠶᠣᠯ ᠵᠢᠭᠤᠯᠴᠢᠯᠠᠯ ᠤᠨ ᠲᠣᠭᠤᠷᠢᠭ ᠲᠤ ᠨᠢᠭᠡᠨᠲᠡ 2 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠪᠠ︔ ᠪᠠᠶᠠᠨᠨᠠᠭᠤᠷ ᠬᠤᠲᠠ ᠶᠢᠨ ᠬᠠᠲᠤᠨ ᠭᠤᠣᠯ ᠤᠨ ᠪᠣᠷᠣ ᠲᠣᠬᠤᠶ ᠶᠢᠨ ᠰᠣᠶᠣᠯ ᠵᠢᠭᠤᠯᠴᠢᠯᠠᠯ ᠤᠨ ᠲᠣᠭᠤᠷᠢᠭ ᠲᠤ ᠨᠢᠭᠡᠨᠲᠡ 1.5 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠪᠠ︔ ᠪᠤᠭᠤᠲᠤ ᠬᠤᠲᠠ ᠶᠢᠨ ᠸᠠᠨ ᠳ᠋ᠠ ᠵᠢᠭᠤᠯᠴᠢᠯᠠᠯ ᠤᠨ ᠶᠡᠷᠦᠩᠬᠡᠶ ᠴᠣᠭᠴᠠ ᠶᠢᠨ ᠲᠥᠷᠥᠯ ᠵᠦᠢᠯ ᠳᠤ ᠨᠢᠭᠡᠨᠲᠡ1.4 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠪᠠ︔ ᠷᠠᠰᠢᠶᠠᠨ ᠤ ᠦᠵᠡᠮᠵᠢ ᠶᠢᠨ ᠲᠣᠭᠤᠷᠢᠭ ᠲᠤ ᠨᠢᠭᠡᠨᠲᠡ 2 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠪᠠ︔ ᠮᠠᠨᠵᠤᠤᠷ ᠤᠨ ᠣᠷᠣᠰ ᠬᠡᠦᠬᠡᠯᠳᠡᠢ ᠶᠢᠨ ᠦᠵᠡᠮᠵᠢᠲᠦ ᠣᠷᠣᠨ ᠳᠤ ᠨᠢᠭᠡᠨᠲᠡ 1 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号