ᠬᠥᠬᠡᠬᠤᠲᠠ ᠠᠶᠤᠯ ᠦᠭᠡᠢ ᠦᠢᠯᠡᠳᠪᠦᠷᠢᠯᠡᠯ ᠤᠨ ᠠᠵᠢᠯ ᠤᠨ ᠲᠣᠳᠣᠷᠬᠠᠶ ᠱᠠᠭᠠᠷᠳᠠᠯᠭ᠎ᠠ ᠨᠡᠶᠢᠲᠡᠯᠡᠪᠡ
ᠨᠡᠶᠢᠲᠡᠯᠡᠭᠰᠡᠨ ᠴᠠᠭ᠄
2017/6/28
      ᠦᠢᠷ᠎ᠠ ᠳᠤ᠂ ᠬᠥᠬᠡᠬᠤᠲᠠ ︽ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠬᠡᠷᠡᠭᠵᠢᠭᠦᠯᠬᠦ ᠰᠠᠨᠠᠯ︾ ︵ᠳᠣᠷᠣᠭᠰᠢ ︽ᠰᠠᠨᠠᠯ︾ ᠭᠡᠵᠦ ᠲᠣᠪᠴᠢᠯᠠᠨ᠎ᠠ︶ ᠢ ᠨᠡᠶᠢᠲᠡᠯᠡᠵᠤ᠂ ᠠᠶᠤᠯ ᠦᠭᠡᠢ ᠦᠢᠯᠡᠳᠪᠦᠷᠢᠯᠡᠯ ᠤᠨ ᠠᠵᠢᠯ ᠤᠨ ᠦᠨᠳᠦᠰᠦᠨ ᠵᠠᠷᠴᠢᠮ᠂ ᠭᠤᠤᠯ ᠴᠣᠭᠴᠠ ᠶᠢᠨ ᠬᠠᠷᠢᠭᠤᠴᠠᠯᠭ᠎ᠠ᠂ ᠰᠠᠭᠤᠷᠢ ᠠᠵᠢᠯ᠂ ᠬᠢᠵᠠᠭᠠᠷᠯᠠᠬᠤ ᠲᠣᠭᠲᠠᠴᠠ ᠳᠤ ᠲᠣᠳᠣᠷᠬᠠᠶ ᠱᠠᠭᠠᠷᠳᠠᠯᠭ᠎ᠠ ᠳᠤᠷᠠᠳᠪᠠ᠃      ︽ᠰᠠᠨᠠᠯ︾ ᠳᠤ ᠵᠢᠭᠠᠵᠤ ᠭᠠᠷᠭᠠᠭᠰᠠᠨ ᠨᠢ᠂ ᠠᠮᠤᠷ ᠲᠦᠪᠰᠢᠨ ᠬᠥᠭᠵᠢᠯᠲᠡ ᠶᠢ ᠪᠠᠷᠢᠮᠲᠠᠯᠠᠵᠤ᠂ ᠠᠷᠠᠳ ᠲᠦᠮᠡᠨ ᠢᠶᠠᠷ ᠭᠤᠣᠯ ᠪᠣᠯᠭᠠᠭᠰᠠᠨ ᠬᠥᠭᠵᠢᠯᠲᠡ ᠶᠢᠨ ᠦᠵᠡᠯ ᠰᠠᠨᠠᠭ᠎ᠠ ᠶᠢ ᠲᠤᠤᠱᠯᠠᠭᠤᠯᠵᠤ᠂ ᠬᠥᠮᠦᠰ ᠤᠨ ᠠᠮᠢ ᠨᠠᠰᠤᠨ ᠤ ᠠᠮᠤᠷ ᠲᠦᠪᠰᠢᠨ ᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠠᠮᠤᠷ ᠲᠦᠪᠰᠢᠨ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢ ᠶᠡᠬᠡᠪᠡᠷ ᠬᠡᠷᠡᠭᠵᠢᠭᠦᠯᠵᠦ᠂ ᠠᠵᠤ ᠠᠬᠤᠶ ᠨᠡᠶᠢᠭᠡᠮ ᠤᠨ ᠬᠥᠭᠵᠢᠯᠲᠡ ᠳᠤ ᠡᠷᠴᠢᠮᠲᠠᠢ ᠪᠦᠭᠡᠳ ᠠᠮᠤᠷ ᠲᠦᠪᠰᠢᠨ ᠪᠠᠲᠤᠯᠠᠭ᠎ᠠ ᠤᠯᠭᠤᠬᠤ ᠪᠣᠯ ᠠᠶᠤᠯ ᠦᠭᠡᠢ ᠦᠢᠯᠡᠳᠪᠦᠷᠢᠯᠡᠯ ᠤᠨ ᠠᠵᠢᠯ ᠤᠨ ᠦᠨᠳᠦᠰᠦᠨ ᠵᠠᠷᠴᠢᠮ ᠪᠤᠯᠤᠨ᠎ᠠ᠂ ᠡᠯ᠎ᠡ ᠲᠠᠯ᠎ᠠ ᠶᠢᠨ ᠬᠦᠴᠦᠨ ᠢ ᠵᠣᠬᠢᠶᠠᠨ ᠪᠠᠶᠢᠭᠤᠯᠤᠨ ᠬᠠᠮᠲᠤᠪᠠᠷ ᠵᠠᠰᠠᠬᠤ ᠶᠢ ᠳᠠᠶᠢᠴᠢᠯᠠᠵᠤ᠂ ᠬᠠᠤᠯᠢ ᠴᠠᠭᠠᠵᠠ᠂ ᠵᠠᠰᠠᠭ ᠵᠠᠬᠢᠷᠭ᠎ᠠ᠂ ᠠᠵᠤ ᠠᠬᠤᠢ᠂ ᠵᠠᠬ᠎ᠠ ᠳᠡᠯᠭᠡᠭᠦᠷ ᠵᠡᠷᠭᠡ ᠠᠷᠭ᠎ᠠ ᠬᠡᠯᠪᠡᠷᠢ ᠶᠢ ᠶᠡᠷᠦᠩᠬᠡᠶᠢᠯᠡᠨ ᠬᠡᠷᠡᠭᠯᠡᠵᠦ᠂ ᠬᠦᠮᠦᠨ ᠤ ᠰᠡᠷᠭᠡᠶᠢᠯᠡᠯᠲᠡ᠂ ᠮᠡᠷᠭᠡᠵᠢᠯ ᠤᠨ ᠰᠡᠷᠭᠡᠶᠢᠯᠡᠯᠲᠡ᠂ ᠪᠣᠳᠠᠰ ᠤᠨ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠪᠦᠬᠦ ᠨᠡᠶᠢᠭᠡᠮ ᠤᠨ ᠠᠶᠤᠯ ᠦᠭᠡᠢ ᠦᠢᠯᠡᠳᠪᠦᠷᠢᠯᠡᠯ ᠤᠨ ᠵᠠᠰᠠᠨ ᠴᠡᠭᠴᠡᠯᠡᠬᠦ ᠴᠢᠳᠠᠪᠤᠷᠢ ᠶᠢ ᠳᠡᠭᠡᠭᠰᠢᠯᠡᠬᠦᠯᠬᠦ ᠬᠡᠷᠡᠭᠲᠠᠢ ᠬᠡᠪᠡ᠃      ︽ᠰᠠᠨᠠᠯ︾ ᠳᠤ ᠱᠠᠭᠠᠷᠳᠠᠭᠰᠠᠨ ᠨᠢ᠂ ᠠᠵᠤ ᠠᠬᠤᠶᠢᠯᠠᠯ ᠤᠨ ᠭᠤᠤᠯ ᠴᠣᠭᠴᠠ ᠶᠢᠨ ᠬᠠᠷᠢᠭᠤᠴᠠᠯᠭ᠎ᠠ᠂ ᠡᠯ᠎ᠡ ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠬᠠᠷᠢᠭᠤᠴᠠᠯᠭ᠎ᠠ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠪᠣᠯᠤᠨ ᠨᠡᠭᠡᠭᠡᠨ ᠬᠥᠭᠵᠢᠭᠦᠯᠬᠦ ᠲᠤᠭᠤᠷᠢᠭ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠪᠠᠷᠠᠭ᠎ᠠ ᠶᠢᠨ ᠭᠦᠢᠯᠭᠡᠭᠡᠨ ᠤ ᠬᠦᠷᠢᠶᠡᠯᠡᠩ ᠲᠣᠭᠤᠷᠢᠭ ᠵᠡᠷᠭᠡ ᠴᠢᠳᠠᠮᠵᠢᠳᠤ ᠣᠷᠣᠨ ᠤ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ  ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠠᠢ︔ ᠠᠶᠤᠯ ᠥᠭᠡᠢ ᠦᠢᠯᠡᠳᠪᠦᠷᠢᠯᠡᠯ ᠢ ᠬᠠᠤᠯᠢ ᠶᠣᠰᠣᠭᠠᠷ ᠵᠠᠰᠠᠨ ᠴᠡᠭᠴᠡᠯᠡᠬᠦ ᠶᠢ ᠲᠥᠯᠬᠢᠨ ᠠᠬᠢᠭᠤᠯᠬᠤ ᠪᠠᠷ ᠳᠠᠮᠵᠢᠭᠤᠯᠤᠨ᠂ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠠᠶᠤᠯ ᠦᠭᠡᠢ ᠦᠢᠯᠡᠳᠪᠦᠷᠢᠯᠡᠯ ᠳᠠᠬᠢ ᠪᠡᠯᠡ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠠᠶᠤᠯ ᠥᠭᠡᠢ ᠦᠢᠯᠡᠳᠪᠦᠷᠢᠯᠡᠯ ᠤᠨ ᠮᠡᠳᠡᠭᠡ ᠵᠠᠩᠭᠢᠵᠢᠯᠲᠠ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠠᠵᠤ ᠦᠢᠯᠡᠰ ᠤᠨ ᠠᠮᠤᠷ ᠲᠦᠪᠰᠢᠨ ᠬᠦᠭᠵᠢᠯᠲᠡ ᠶᠢ ᠲᠦᠯᠬᠢᠨ ᠠᠬᠢᠭᠤᠯᠵᠤ᠂ ᠪᠠᠴᠢᠮ ᠪᠠᠶᠢᠳᠠᠯ ᠢ ᠠᠷᠭᠠᠴᠠᠬᠤ ᠠᠪᠤᠷᠠᠨ ᠲᠤᠰᠠᠯᠠᠬᠤ ᠴᠢᠳᠠᠪᠤᠷᠢ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠤᠨ ᠪᠣᠯᠪᠠᠰᠤᠷᠠᠭᠤᠯᠤᠯ ᠢ ᠴᠢᠩᠭᠠᠳᠬᠠᠵᠤ᠂ ᠡ᠊ᠨᠳᠡᠯ ᠤᠨ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠪᠠ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠢᠨᠠᠨ ᠡᠵᠡᠮᠳᠡᠬᠦ ᠲᠣᠭᠲᠠᠴᠠ ᠵᠡᠷᠭᠡ ᠠᠷᠭ᠎ᠠ ᠬᠡᠮᠵᠢᠶ᠎ᠡ ᠶᠢ ᠪᠦᠷᠢᠨᠰᠢᠬᠦᠯᠵᠤ᠂ ᠠᠶᠤᠯ ᠦᠭᠡᠢ ᠦᠢᠯᠡᠳᠪᠦᠷᠢᠯᠡᠯ ᠤᠨ ᠰᠠᠭᠤᠷᠢ ᠠᠵᠢᠯ ᠢ ᠪᠠᠬᠢᠵᠢᠬᠦᠯᠬᠦ ᠬᠡᠷᠡᠭᠲᠠᠢ ᠬᠡᠪᠡ᠃      ︽ᠰᠠᠨᠠᠯ︾ ᠳᠤ᠂ ᠠᠶᠤᠯ ᠥᠭᠡᠢ ᠦᠢᠯᠡᠳᠪᠦᠷᠢᠯᠡᠯ ᠤᠨ ᠬᠢᠨᠠᠨ ᠰᠢᠯᠭᠠᠬᠤ᠂ ᠲᠣᠭᠤᠷᠢᠨ ᠪᠠᠶᠢᠴᠠᠭᠠᠬᠤ ᠪᠠ ᠦᠨᠡᠯᠡᠨ ᠵᠢᠱᠢᠬᠦ ᠲᠣᠭᠲᠠᠴᠠ᠂ ᠬᠠᠷᠢᠭᠤᠴᠠᠯᠭ᠎ᠠ ᠨᠡᠬᠡᠮᠵᠢᠯᠡᠬᠦ ᠬᠠᠷᠢᠭᠤᠴᠠᠯᠭ᠎ᠠ ᠲᠤᠯᠭᠠᠬᠤ ᠲᠣᠭᠲᠠᠴᠠ᠂ ᠬᠢᠨᠠᠨ ᠬᠠᠮᠢᠶᠠᠷᠴᠤ ᠲᠣᠷᠭᠤᠭᠠᠨ ᠰᠢᠳᠬᠡᠬᠦ ᠲᠣᠭᠲᠠᠴᠠ᠂ ᠢᠲᠡᠭᠡᠯ ᠠᠯᠳᠠᠪᠠᠯ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠲᠣᠭᠲᠠᠴᠠ ᠪᠣᠯᠤᠨ ᠤᠯᠠᠠ ᠡᠰᠢᠲᠦ ᠬᠢᠨᠠᠯᠲᠠ ᠲᠠᠯᠪᠢᠬᠤ ᠲᠣᠭᠲᠠᠴᠠ ᠶᠢ  ᠪᠠᠶᠢᠭᠤᠯᠤᠨ ᠪᠦᠷᠢᠨᠰᠢᠬᠦᠯᠬᠦ ᠪᠠᠷ ᠳᠠᠮᠵᠢᠭᠤᠯᠤᠨ᠂ ᠠᠶᠤᠯ ᠦᠭᠡᠢ ᠦᠢᠯᠡᠳᠪᠦᠷᠢᠯᠡᠯ ᠤᠨ ᠵᠠᠭᠠᠯᠳᠤᠬᠤ᠂ ᠢᠯᠡᠴᠢᠯᠡᠨ ᠮᠡᠳᠡᠭᠦᠯᠬᠦ ᠪᠠ ᠱᠠᠩᠨᠠᠵᠤ ᠬᠥᠬᠢᠭᠦᠯᠬᠦ ᠲᠦᠷᠢᠮ ᠢ ᠪᠦᠷᠢᠨᠰᠢᠬᠦᠯᠦᠨ ᠲᠡᠭᠦᠯᠳᠡᠷᠵᠢᠭᠦᠯᠵᠦ᠂ ︽12350︾ ᠲᠤᠰᠬᠠᠶ ᠤᠲᠠᠰᠤ ᠲᠤᠬᠢᠷᠠᠭᠤᠯᠵᠤ᠂ ᠨᠡᠶᠢᠭᠡᠮ ᠨᠡᠶᠢᠲᠡ ᠶᠢᠨ ᠬᠢᠨ ᠤ ᠬᠢᠨᠠᠯᠲᠠ ᠶᠢ ᠬᠦᠯᠢᠶᠡᠵᠤ᠂ ᠠᠶᠤᠯ ᠥᠭᠡᠢ ᠦᠢᠯᠡᠳᠪᠦᠷᠢᠯᠡᠯ ᠤᠨ ᠬᠢᠵᠠᠭᠠᠷᠯᠠᠬᠤ ᠲᠣᠭᠲᠠᠴᠠ ᠶᠢ ᠦᠨᠡᠨ ᠬᠦ ᠴᠢᠩᠭᠠᠳᠬᠠᠬᠤ ᠬᠡᠷᠡᠭᠲᠠᠢ ᠬᠡᠵᠤ ᠴᠢᠬᠤᠯᠠᠴᠢᠯᠠᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号