ᠦᠪᠡᠷᠳᠡᠭᠡᠨ ᠵᠠᠰᠬᠠᠤ ᠤᠷᠤᠨ ᠤ ᠲᠤᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠵᠤ ᠨᠡᠶᠢᠳᠡᠪᠦᠷᠢᠵᠢᠭᠤᠯᠬᠤ ᠠᠵᠢᠯ ᠤᠨ ᠲᠤᠬᠠᠢ ᠶᠢᠨ ᠭᠠᠵᠠᠷ ᠤᠨ ᠰᠢᠮᠳᠠᠭᠤᠯᠤᠨ ᠪᠠᠶᠢᠴᠠᠭᠠᠯᠳᠠ ᠡᠬᠢᠯᠡᠯ᠎ᠠ
ᠨᠡᠶᠢᠲᠡᠯᠡᠭᠰᠡᠨ ᠴᠠᠭ᠄
2017/6/29
      6 ᠳ᠋ᠤᠭᠠᠷ ᠰᠠᠷ᠎ᠠ ᠶᠢᠨ 28᠎ ᠤ ᠦᠳᠡ ᠶᠢᠨ ᠬᠤᠶᠢᠨ᠎ᠠ᠂ ᠦᠪᠡᠷᠳᠡᠭᠡᠨ ᠵᠠᠰᠠᠬᠤ ᠤᠷᠤᠨ ᠤ ᠨᠠᠮ  ᠎ ᠤᠨ ᠬᠤᠷᠢᠶ᠎ᠠ ᠶᠢᠨ ᠠᠯᠪᠠᠨ ᠲᠢᠩᠬᠢᠮ ᠪᠤᠯᠤᠨ ᠲᠤᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ  ᠎ ᠤᠨ ᠤᠳᠤᠷᠢᠳᠬᠤ ᠲᠤᠭᠤᠶᠢᠯᠠᠩ ᠤᠨ ᠠᠯᠪᠠᠨ ᠬᠡᠷ ᠠᠴᠠ ᠲᠦᠪ ᠤᠨ ᠲᠤᠭᠤᠷᠢᠨ ᠪᠠᠶᠢᠴᠠᠭᠠᠵᠤ ︽ᠡᠷᠬᠢᠨ ᠬᠠᠷᠠᠬᠰᠠᠨ︾ ᠪᠠᠶᠢᠳᠠᠯ ᠢ ᠬᠠᠷᠢᠭᠤ ᠲᠤᠰᠬᠠᠬᠰᠠᠨ ᠰᠠᠨᠠᠯ ᠶᠤᠰᠤᠭᠠᠷ ᠴᠡᠭᠴᠡᠯᠡᠨ ᠰᠠᠶᠢᠵᠢᠷᠠᠭᠤᠯᠵᠤ ᠨᠡᠶᠢᠳᠡᠪᠦᠷᠢᠵᠢᠭᠤᠯᠤᠬᠰᠠᠨ ᠪᠠᠶᠢᠳᠠᠯ ᠢ ᠲᠤᠬᠠᠢ ᠶᠢᠨ ᠭᠠᠵᠠᠷ ᠲᠤᠨᠢ ᠰᠢᠮᠳᠠᠭᠤᠯᠤᠨ ᠪᠠᠶᠢᠴᠠᠭᠠᠬᠤ ᠲᠠᠶᠢᠴᠢᠯᠡᠯᠳᠡ ᠶᠢᠨ ᠬᠤᠷᠠᠯ ᠬᠢᠵᠡᠢ᠃      ᠲᠦᠪ ᠤᠨ ᠬᠤᠶᠠᠳᠤᠭᠠᠷ ᠲᠤᠭᠤᠷᠢᠨ ᠪᠠᠶᠢᠴᠠᠭᠠᠬᠤ ᠲᠤᠭᠤᠶᠢᠯᠠᠩ ᠤᠨ ︽ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠳᠤ ᠲᠤᠭᠤᠷᠢᠨ ᠪᠠᠶᠢᠴᠠᠭᠠᠵᠤ ︿ᠡᠷᠬᠢᠨ ᠬᠠᠷᠠᠬᠰᠠᠨ﹀ ᠪᠠᠶᠢᠳᠠᠯ ᠢ ᠬᠠᠷᠢᠭᠤ ᠲᠤᠰᠬᠠᠬᠰᠠᠨ ᠰᠠᠨᠠᠯ︾᠎ ᠤᠨ ᠨᠡᠶᠢᠳᠡᠪᠦᠷᠢᠵᠢᠭᠤᠯᠤᠯᠳᠠ ᠶᠢ ᠠᠬᠢᠭᠤᠯᠵᠤ᠂ ᠲᠤᠭᠤᠷᠢᠨ ᠪᠠᠶᠢᠴᠠᠭᠠᠵᠤ ︽ᠡᠷᠬᠢᠨ ᠬᠠᠷᠠᠬᠤ︾ ᠴᠡᠭᠴᠡᠯᠡᠨ ᠰᠠᠶᠢᠵᠢᠷᠠᠭᠤᠯᠬᠤ ᠠᠵᠢᠯ ᠢ ᠯᠠᠪᠳᠠᠭᠤᠨ  ᠪᠠᠳᠤᠳᠠᠢ ᠠᠬᠢᠭᠤᠯᠬᠤ ᠶᠢᠨ ᠲᠦᠯᠦᠭᠡ᠂ ᠦᠪᠡᠷᠳᠡᠭᠡᠨ ᠵᠠᠰᠬᠠᠤ ᠤᠷᠤᠨ ᠤ ᠨᠠᠮ ᠤᠨ ᠬᠤᠷᠢᠶ᠎ᠠ ᠶᠢᠨ ᠠᠵᠢᠯ ᠤᠨ ᠲᠤᠬᠢᠷᠠᠭᠤᠯᠤᠯᠳᠠ ᠶᠤᠰᠤᠭᠠᠷ᠂ ᠦᠪᠡᠷᠳᠡᠭᠡᠨ ᠵᠠᠰᠠᠬᠤ ᠤᠷᠤᠨ 5 ᠰᠢᠮᠳᠠᠭᠤᠯᠤᠨ ᠪᠠᠶᠢᠴᠠᠭᠠᠬᠤ ᠲᠤᠭᠤᠶᠢᠯᠠᠩ ᠪᠠᠶᠢᠭᠤᠯᠵᠤ᠂ 6 ᠳ᠋ᠤᠭᠠᠷ ᠰᠠᠷ᠎ᠠ ᠶᠢᠨ 28᠎ ᠠᠴᠠ 7 ᠳ᠋ᠤᠭᠠᠷ ᠰᠠᠷ᠎ᠠ ᠶᠢᠨ 5᠎ ᠤ ᠡᠳᠦᠷ ᠪᠤᠯᠳᠠᠯ᠎ᠠ᠂ ᠬᠦᠬᠡᠬᠤᠳᠠ᠂ ᠪᠤᠭᠤᠳᠤ᠂ ᠲᠦᠩᠯᠢᠶᠤᠤ᠂ ᠬᠦᠯᠦᠨ ᠪᠤᠶᠢᠷ᠂ ᠤᠷᠳᠤᠰ ᠬᠤᠳᠠ ᠪᠠ ᠠᠯᠠᠱᠠ ᠠᠶᠢᠮᠠᠭ ᠵᠡᠷᠭᠡ 6 ᠠᠶᠢᠮᠠᠭ ᠬᠤᠳᠠ ᠪᠤᠯᠤᠨ 20 ᠦᠪᠡᠷᠳᠡᠭᠡᠨ ᠵᠠᠰᠬᠠᠤ ᠤᠷᠤᠨ ᠤ ᠰᠠᠯᠠᠭ᠎ᠠ ᠮᠦᠴᠢᠷ ᠨᠢᠭᠡᠴᠡ ᠳᠤ ᠲᠤᠬᠠᠢ ᠶᠢᠨ ᠭᠠᠵᠠᠷ ᠤᠨ  ᠰᠢᠮᠳᠠᠭᠤᠯᠤᠨ ᠪᠠᠶᠢᠴᠠᠭᠠᠯᠳᠠ ᠬᠢᠭᠦ ᠪᠤᠯᠤᠨ᠎ᠠ᠃      ᠬᠤᠷᠠᠯ ᠠᠴᠠ ᠤᠶᠢᠯᠠᠭᠠᠬᠰᠠᠨ ᠢᠶᠠᠷ᠂ ᠰᠢᠮᠳᠠᠭᠤᠯᠤᠨ ᠪᠠᠶᠢᠴᠠᠭᠠᠬᠤ ᠲᠤᠭᠤᠶᠢᠯᠠᠩ ᠤᠨ ᠬᠢᠨ ᠬᠠᠷᠢᠭᠤ ᠮᠡᠳᠡᠭᠦᠯᠦᠯᠳᠡ ᠶᠢᠨ ᠬᠤᠷᠠᠯ ᠬᠢᠭᠦ᠂ ᠪᠢᠴᠢᠭ ᠮᠠᠲ᠋ᠧᠷᠢᠶᠠᠯ ᠢ ᠤᠷᠪᠠᠭᠤᠯᠤᠨ ᠦᠵᠡᠭᠦ᠂ ᠲᠤᠬᠠᠢ ᠶᠢᠨ ᠭᠠᠵᠠᠷ ᠲᠤᠨᠢ ᠪᠠᠶᠢᠴᠠᠭᠠᠬᠤ᠂ ᠪᠤᠯᠵᠤᠨ ᠶᠠᠷᠢᠯᠴᠠᠬᠤ᠂ ᠰᠠᠨᠠᠯ ᠢᠶᠠᠨ ᠬᠠᠷᠢᠭᠤ ᠲᠤᠰᠬᠠᠬᠤ ᠵᠡᠷᠭᠡ ᠬᠡᠯᠪᠡᠷᠢ ᠪᠠᠷ ᠠᠶᠢᠮᠠᠭ ᠬᠤᠳᠠ ᠪᠤᠯᠤᠨ ᠦᠪᠡᠷᠳᠡᠭᠡᠨ ᠵᠠᠰᠠᠬᠤ ᠤᠷᠤᠨ ᠤ ᠰᠠᠯᠠᠭ᠎ᠠ ᠮᠦᠴᠢᠷ ᠨᠢᠭᠡᠴᠡ ᠶᠢᠨ ᠲᠦᠪ ᠤᠨ ᠬᠤᠶᠠᠳᠤᠭᠠᠷ ᠲᠤᠭᠤᠷᠢᠨ ᠪᠠᠶᠢᠴᠠᠭᠠᠬᠤ ᠲᠤᠭᠤᠶᠢᠯᠠᠩ ᠤᠨ ︽ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠳᠤ ᠲᠤᠭᠤᠷᠢᠨ ᠪᠠᠶᠢᠴᠠᠭᠠᠵᠤ ︿ᠡᠷᠬᠢᠨ ᠬᠠᠷᠠᠬᠰᠠᠨ﹀ ᠪᠠᠶᠢᠳᠠᠯ ᠢ ᠬᠠᠷᠢᠭᠤ ᠲᠤᠰᠬᠠᠬᠰᠠᠨ ᠰᠠᠨᠠᠯ︾  ᠎ ᠢ ᠤᠯᠠᠮᠵᠢᠯᠠᠨ ᠰᠤᠷᠤᠯᠴᠠᠬᠰᠠᠨ ᠪᠠᠶᠢᠳᠠᠯ ᠪᠠ ᠦᠪᠡᠷᠳᠡᠭᠡᠨ ᠵᠠᠰᠬᠠᠤ ᠤᠷᠤᠨ ᠤ ᠨᠠᠮ ᠤᠨ ᠬᠤᠷᠢᠶ᠎ᠠ ᠶᠢᠨ ᠲᠤᠭᠤᠷᠢᠨ ᠪᠠᠶᠢᠴᠠᠭᠠᠵᠤ ︽ᠡᠷᠬᠢᠨ ᠬᠠᠷᠠᠬᠤ ︾ ᠴᠡᠭᠴᠡᠯᠠᠨ ᠰᠠᠶᠢᠵᠢᠷᠠᠭᠤᠯᠬᠤ ᠲᠠᠶᠢᠴᠢᠯᠡᠯᠳᠠ ᠪᠠᠶᠢᠷᠢᠯᠠᠭᠤᠯᠤᠯᠳᠠ ᠶᠢᠨ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠤᠬᠰᠠᠨ ᠪᠠᠶᠢᠳᠠᠯ ᠢ  ᠰᠢᠮᠳᠠᠭᠤᠯᠤᠨ ᠪᠠᠶᠢᠴᠠᠭᠠᠬᠤ ᠪᠤᠯᠤᠨ᠎ᠠ᠃      ᠬᠤᠷᠠᠯ ᠠᠴᠠ᠂ ᠡᠯ᠎ᠠ ᠠᠶᠢᠮᠠᠭ ᠬᠤᠳᠠ᠂ ᠦᠪᠡᠷᠳᠡᠭᠡᠨ ᠵᠠᠰᠠᠬᠤ ᠤᠷᠤᠨ ᠤ ᠰᠠᠯᠠᠭ᠎ᠠ ᠮᠦᠴᠢᠷ ᠨᠢᠭᠡᠴᠡ ᠶᠢᠨ ᠬᠢᠨ ᠦᠪᠡᠷᠳᠡᠭᠡᠨ ᠵᠠᠰᠠᠬᠤ ᠤᠷᠤᠨ ᠤ ᠲᠤᠭᠤᠷᠢᠨ ᠪᠠᠶᠢᠴᠠᠭᠠᠵᠤ ︽ᠡᠷᠬᠢᠨ ᠬᠠᠷᠠᠬᠤ︾ ᠴᠡᠭᠴᠡᠯᠡᠨ ᠰᠠᠶᠢᠵᠢᠷᠠᠭᠤᠯᠬᠤ ᠲᠠᠶᠢᠴᠢᠯᠠᠯᠳᠠ ᠪᠠᠶᠢᠷᠢᠯᠠᠭᠤᠯᠤᠯᠳᠠ ᠶᠢᠨ ᠬᠤᠷᠠᠯ ᠤᠨ ᠱᠠᠭᠠᠷᠳᠠᠯᠭ᠎ᠠ ᠶᠤᠰᠤᠭᠠᠷ᠂  ᠰᠢᠮᠳᠠᠭᠤᠯᠤᠨ ᠪᠠᠶᠢᠴᠠᠭᠠᠬᠤ ᠭᠤᠤᠯᠳᠠᠯᠭ᠎ᠠ ᠶᠢᠨ ᠲᠤᠭᠤᠷᠢᠨ ᠳᠤ᠂ ᠪᠡᠶ᠎ᠠ ᠶᠢᠨ ᠪᠠᠶᠢᠴᠠᠭᠠᠯᠳᠠ ᠶᠢ ᠪᠦᠬᠦ ᠲᠠᠯ᠎ᠠ ᠪᠠᠷ ᠦᠷᠨᠢᠭᠦᠯᠵᠤ᠂ ᠲᠠᠨᠢᠯᠳᠠ ᠪᠠᠨ ᠪᠠᠶᠢᠴᠠᠭᠠᠨ᠂ ᠬᠠᠷᠢᠭᠤᠴᠠᠯᠭ᠎ᠠ ᠪᠠᠨ ᠪᠠᠶᠢᠴᠠᠭᠠᠨ᠂ ᠠᠬᠢᠴᠠ ᠪᠠᠨ ᠪᠠᠶᠢᠴᠠᠭᠠᠨ᠂ ᠦᠷ᠎ᠠ ᠠᠰᠢᠭ ᠢᠶᠠᠨ ᠪᠠᠶᠢᠴᠠᠭᠠᠨ᠂ ᠠᠰᠠᠭᠤᠳᠠᠯ ᠢ ᠪᠠᠶᠢᠴᠠᠭᠠᠵᠤ᠂ ᠴᠡᠭᠴᠡᠯᠡᠨ ᠰᠠᠶᠢᠵᠢᠷᠠᠭᠤᠯᠵᠤ ᠨᠡᠶᠢᠳᠡᠪᠦᠷᠢᠵᠢᠭᠤᠯᠬᠤ ᠠᠵᠢᠯ ᠢ ᠯᠠᠪᠳᠠᠭᠤᠨ ᠪᠠᠳᠤᠳᠠᠢ ᠠᠬᠢᠭᠤᠯᠬᠤ ᠬᠡᠷᠡᠭᠳᠡᠢ ᠬᠡᠵᠤ ᠱᠠᠭᠠᠷᠳᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号