ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠪᠠᠶᠢᠩᠭᠤ ᠶᠢᠨ ᠬᠤᠷᠢᠶ᠎ᠠ ᠶᠢᠨ ᠪᠠᠭ ᠤᠨ ᠲᠣᠭᠤᠷᠢᠨ ᠪᠠᠶᠢᠴᠠᠭᠠᠵᠤ ︽ᠡᠷᠭᠢᠨ ᠬᠠᠷᠠᠬᠤ︾ ᠴᠡᠭᠴᠡᠯᠡᠨ ᠰᠠᠶᠢᠵᠢᠷᠠᠭᠤᠯᠬᠤ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠬᠢᠪᠡ
ᠨᠡᠶᠢᠲᠡᠯᠡᠭᠰᠡᠨ ᠴᠠᠭ᠄
2017/6/29
      6 ᠳ᠋ᠤᠭᠠᠷ ᠰᠠᠷ᠎ᠠ ᠶᠢᠨ 28᠎ ᠤ ᠡᠳᠦᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠨᠢᠭᠡ ᠡᠳᠦᠷ ᠤᠨ ᠴᠠᠭ ᠢ ᠠᠰᠢᠬᠯᠠᠨ᠂ ᠲᠤᠭᠤᠷᠢᠨ ᠪᠠᠶᠢᠴᠠᠭᠠᠵᠤ ︽ᠡᠷᠬᠢᠨ ᠬᠠᠷᠠᠬᠤ︾ ᠴᠡᠭᠴᠡᠯᠡᠨ ᠰᠠᠶᠢᠵᠢᠷᠠᠭᠤᠯᠬᠤ ᠲᠤᠰᠬᠠᠢ ᠰᠡᠳᠦᠪᠳᠤ ᠠᠷᠠᠳᠴᠢᠯᠠᠯ ᠤᠨ ᠠᠮᠢᠳᠤᠷᠠᠯ ᠤᠨ ᠬᠤᠷᠠᠯ ᠬᠢᠵᠤ᠂ ᠶᠡᠷᠦᠩᠬᠡᠢ ᠱᠦᠵᠢ ᠰᠢ ᠶᠢᠨ ᠫᠢᠩ ᠤᠨ ᠰᠢᠷᠢᠰ ᠴᠢᠬᠤᠯᠠ ᠶᠠᠷᠢᠶ᠎ᠠ ᠶᠢᠨ ᠵᠤᠷᠢᠭ ᠰᠠᠨᠠᠭ᠎ᠠ ᠪᠠ ᠤᠯᠤᠰ ᠢ ᠵᠠᠰᠠᠵᠤ ᠵᠠᠰᠠᠭ ᠢ ᠡᠷᠬᠢᠯᠡᠭᠦ ᠰᠢᠨ᠎ᠠ ᠣᠨᠣᠯᠵᠢᠬᠤᠨ ᠰᠢᠨ᠎ᠠ ᠦᠵᠡᠯ ᠰᠠᠨᠠᠭ᠎ᠠ ᠰᠢᠨ᠎ᠠ ᠪᠠᠶᠢᠯᠳᠤᠬᠤ ᠪᠤᠳᠤᠯᠭ᠎ᠠ ᠶᠢ ᠬᠢᠨᠠᠮᠠᠭᠠᠢ ᠰᠤᠷᠤᠯᠴᠠᠨ ᠲᠤᠤᠱᠯᠠᠭᠤᠯᠵᠤ᠂ ᠲᠦᠪ ᠤᠨ ᠲᠤᠭᠤᠷᠢᠨ ᠪᠠᠶᠢᠴᠠᠭᠠᠵᠤ ᠬᠠᠷᠢᠭᠤ ᠲᠤᠰᠬᠠᠬᠰᠠᠨ ᠰᠠᠨᠠᠯ ᠲᠠᠢ ᠬᠠᠷᠢᠴᠠᠭᠤᠯᠵᠤ᠂ ᠯᠢᠶᠤᠤ ᠵᠢᠶᠦ᠋ᠨ ᠪᠦᠸᠧ ᠨᠦᠬᠦᠷ ᠤᠨ ᠰᠢᠯᠢᠳᠡᠭ ᠰᠤᠷᠳᠠᠯ ᠪᠠ ᠡᠷᠬᠢᠮ ᠲᠡᠭᠡᠳᠦ ᠵᠤᠷᠢᠭ ᠰᠠᠨᠠᠭ᠎ᠠ ᠯᠤᠭ᠎ᠠ ᠬᠠᠷᠢᠴᠠᠭᠤᠯᠵᠤ᠂ ᠦᠵᠡᠯ ᠰᠠᠨᠠᠭ᠎ᠠ ᠪᠠ ᠠᠵᠢᠯ ᠤᠨ ᠪᠤᠳᠠᠳᠠᠢ ᠲᠠᠢ ᠪᠠᠨ ᠤᠶᠠᠯᠳᠤᠭᠤᠯᠤᠨ᠂ ᠠᠰᠠᠭᠤᠳᠠᠯ ᠢ ᠬᠦᠨᠵᠡᠭᠡᠢ ᠪᠠᠶᠢᠴᠠᠭᠠᠨ ᠳᠡᠯᠭᠡᠵᠦ᠂ ᠦᠨᠳᠦᠰᠦ ᠰᠢᠯᠳᠠᠭᠠᠨ ᠢ ᠨᠢ ᠬᠦᠨᠵᠡᠭᠡᠢ ᠵᠠᠳᠠᠯᠵᠤ᠂ ᠴᠡᠭᠴᠡᠯᠡᠨ ᠰᠠᠶᠢᠵᠢᠷᠠᠭᠤᠯᠬᠤ ᠴᠢᠭᠯᠡᠯ ᠪᠠ ᠠᠷᠭ᠎ᠠ ᠬᠡᠮᠵᠢᠶ᠎ᠠ ᠪᠠᠨ ᠴᠢᠨᠠᠬᠰᠢᠳᠠ ᠲᠤᠳᠤᠷᠬᠠᠶᠢᠯᠠᠵᠤ᠂ ᠮᠠᠨ ᠤ ᠤᠷᠤᠨ ᠤ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢᠨ ᠲᠠᠰᠤᠷᠠᠯᠲᠠ ᠦᠭᠡᠢ ᠬᠦᠨᠵᠡᠬᠡᠶᠢᠷᠡᠨ ᠬᠦᠭᠵᠢᠭᠦ ᠶᠢ ᠠᠬᠢᠭᠤᠯᠵᠠᠢ᠃      ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠾᠧᠩ ᠬᠤᠷᠠᠯ ᠡᠷᠬᠢᠯᠡᠭᠦ ᠶᠢᠨ ᠬᠠᠮᠳᠤ ᠪᠠᠶᠢᠩᠭᠤ ᠶᠢᠨ ᠬᠤᠷᠢᠶ᠎ᠠ ᠶᠢᠨ ᠪᠠᠭ ᠢ ᠲᠦᠯᠦᠭᠡᠯᠡᠵᠤ ᠬᠠᠷᠢᠴᠠᠭᠤᠯᠤᠨ ᠪᠠᠶᠢᠴᠠᠭᠠᠵᠤ᠂ ᠲᠦᠷᠦᠭᠦᠯᠡᠨ ᠬᠤᠪᠢ ᠬᠦᠮᠦᠨ ᠎ ᠤ ᠬᠠᠷᠢᠴᠠᠭᠤᠯᠤᠨ ᠪᠠᠶᠢᠴᠠᠭᠠᠯᠲᠠ ᠬᠢᠵᠦ᠂ ᠰᠢᠭᠦᠮᠵᠢᠯᠡᠯ ᠪᠠ ᠦᠪᠡᠷ ᠤᠨ ᠰᠢᠭᠦᠮᠵᠢᠯᠡᠯ ᠦᠷᠨᠢᠬᠦᠯᠵᠠᠢ᠃ ᠪᠤᠰᠤᠳ ᠪᠠᠶᠢᠩᠭᠤ ᠶᠢᠨ ᠬᠡᠰᠢᠭᠦᠳ ᠲᠤᠰ ᠲᠤᠰ ᠬᠠᠷᠢᠴᠠᠭᠤᠯᠤᠨ ᠪᠠᠶᠢᠴᠠᠭᠠᠵᠤ᠂ ᠰᠢᠭᠦᠮᠵᠢᠯᠡᠯ ᠪᠠ ᠦᠪᠡᠷ ᠤᠨ ᠰᠢᠭᠦᠮᠵᠢᠯᠡᠯ ᠬᠢᠵᠠᠢ᠃ ᠲᠦᠪ ᠤᠨ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠶᠢᠨ ᠪᠠᠶᠢᠭᠤᠯᠭ᠎ᠠ᠂ ᠲᠦᠪ ᠤᠨ ᠲᠤᠭᠤᠷᠢᠨ ᠪᠠᠶᠢᠴᠠᠭᠠᠬᠤ ᠠᠯᠪᠠᠨ ᠬᠡᠷ ᠤᠨ ᠬᠠᠮᠢᠶ᠎ᠠ ᠪᠦᠬᠦᠢ ᠬᠠᠷᠢᠭᠤᠴᠠᠯᠭᠠᠳᠠᠨ ᠨᠦᠬᠦᠳ ᠬᠤᠷᠠᠯ ᠳᠤ ᠤᠷᠤᠯᠴᠠᠨ ᠵᠢᠭᠠᠨ ᠵᠢᠯᠤᠭᠤᠳᠪᠠ᠃      ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠡᠨᠡ ᠤᠳᠠᠭ᠎ᠠ ᠶᠢᠨ ᠠᠷᠠᠳᠴᠢᠯᠡᠯ ᠤᠨ ᠠᠮᠢᠳᠤᠷᠠᠯ ᠤᠨ ᠬᠤᠷᠠᠯ ᠢ ᠲᠡᠭᠡᠳᠦ ᠬᠡᠮᠵᠢᠶ᠎ᠠ ᠪᠠᠷ ᠬᠦᠨᠳᠦᠳᠭᠡᠵᠤ᠂ ᠲᠤᠰᠬᠠᠶᠢᠯᠠᠨ ᠬᠤᠷᠠᠯ ᠤᠨ ᠲᠦᠰᠦᠯ ᠲᠤᠬᠳᠠᠭᠠᠵᠤ᠂ ᠪᠠᠶᠢᠩᠭᠤ ᠶᠢᠨ ᠬᠡᠰᠢᠭᠦᠨ ᠨᠦᠭᠦᠳ ᠢ ᠵᠤᠬᠢᠶᠠᠨ ᠪᠠᠶᠢᠭᠤᠯᠤᠨ ᠶᠡᠷᠦᠩᠬᠡᠢ ᠱᠦᠵᠢ ᠰᠢ ᠶᠢᠨ ᠫᠢᠩ ᠤᠨ ᠲᠤᠭᠤᠷᠢᠨ ᠪᠠᠶᠢᠴᠠᠭᠠᠬᠤ ᠠᠵᠢᠯ ᠤᠨ ᠲᠤᠬᠠᠢ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ᠂ ᠴᠡᠭᠴᠡᠯᠡᠨ ᠰᠠᠶᠢᠵᠢᠷᠠᠭᠤᠯᠤᠬᠰᠠᠨ ᠪᠠᠶᠢᠳᠠᠯ ᠢ ᠰᠢᠰᠲ᠋ᠧᠮ ᠲᠠᠢ ᠡᠮᠬᠢᠯᠡᠵᠤ᠂ ᠰᠠᠨᠠᠯ ᠰᠠᠨᠠᠭᠤᠯᠭ᠎ᠠ ᠶᠢ ᠦᠷᠭᠡᠨ ᠢᠶᠠᠷ ᠰᠤᠨᠤᠰᠴᠤ᠂ ᠰᠡᠳᠬᠢᠯ ᠢᠶᠠᠨ ᠣᠶᠢᠯᠠᠭᠠᠯᠴᠠᠨ ᠰᠠᠨᠠᠭ᠎ᠠ ᠪᠠᠨ ᠤᠯᠤᠯᠴᠠᠬᠤ ᠠᠵᠢᠯ ᠢ ᠭᠦᠨᠵᠡᠭᠡᠢ ᠬᠢᠵᠦ᠂ ᠬᠠᠷᠢᠴᠠᠭᠤᠯᠤᠨ ᠪᠠᠶᠢᠴᠠᠭᠠᠬᠤ ᠮᠠᠲ᠋ᠧᠷᠢᠶᠠᠯ ᠢ ᠬᠢᠨᠠᠮᠠᠭᠠᠢ ᠪᠢᠴᠢᠵᠤ᠂ ᠲᠤᠰᠬᠠᠢ ᠰᠡᠳᠦᠪᠳᠦ ᠠᠷᠠᠳᠴᠢᠯᠡᠯ ᠤᠨ ᠠᠮᠢᠳᠤᠷᠠᠯ ᠤᠨ ᠬᠤᠷᠠᠯ ᠎ ᠢ ᠰᠠᠶᠢᠳᠤᠷ ᠬᠢᠬᠦ ᠳᠤ ᠪᠠᠳᠤ ᠰᠠᠭᠤᠷᠢ ᠲᠠᠯᠪᠢᠵᠠᠢ᠃      ᠬᠤᠷᠠᠯ ᠲᠡᠭᠡᠷ᠎ᠡ᠂ ᠪᠠᠶᠢᠩᠭᠤ ᠶᠢᠨ ᠬᠤᠷᠢᠶ᠎ᠠ ᠶᠢᠨ ᠪᠠᠭ ᠤᠨ ᠪᠦᠷᠢᠯᠳᠦᠭᠦᠨ ᠨᠠᠷ ᠤᠯᠤᠰ ᠲᠦᠷᠦ ᠶᠢᠨ ᠲᠤᠭᠤᠷᠢᠨ ᠪᠠᠶᠢᠴᠠᠭᠠᠬᠤ ᠱᠠᠭᠠᠷᠳᠠᠯᠭ᠎ᠠ ᠶᠢ ᠣᠨᠣᠪᠴᠢᠳᠠᠢ ᠡᠵᠡᠮᠰᠢᠵᠤ᠂ ᠤᠬᠠᠮᠰᠠᠷ ᠠᠴᠠ ᠪᠠᠨ ᠦᠪᠡᠷ ᠢ ᠪᠠᠨ ᠢᠯᠡ ᠳᠡᠯᠭᠡᠵᠦ᠂ ᠲᠤᠭ ᠲᠡᠮᠳᠡᠭ ᠲᠤᠳᠤᠷᠬᠠᠢ ᠪᠠᠷ ᠤᠯᠤᠰ ᠲᠦᠷᠦ ᠶᠢ ᠡᠷᠬᠢᠮᠯᠡᠭᠦ ᠶᠢ ᠬᠤᠷᠠᠯ ᠤᠨ ᠪᠦᠬᠦ ᠶᠠᠪᠤᠴᠠ ᠳᠤ ᠲᠤᠤᠱᠯᠠᠭᠤᠯᠵᠣ᠂ ᠤᠯᠤᠰ ᠲᠦᠷᠦ ᠪᠤᠯᠤᠨ ᠶᠡᠭᠡ ᠲᠠᠯ᠎ᠠ ᠠᠴᠠ ᠵᠦᠷᠢᠶ᠎ᠠ ᠪᠠᠨ ᠡᠷᠢᠵᠤ᠂ ᠰᠢᠯᠳᠠᠭᠠᠨ ᠢ ᠡᠷᠢᠵᠤ᠂ ᠠᠷᠭᠠᠴᠠᠬᠤ ᠪᠤᠳᠤᠯᠭ᠎ᠠ ᠡᠷᠢᠵᠤ᠂ ᠲᠤᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠰᠠᠶᠢᠳᠣᠷ ᠠᠳᠬᠤᠬᠤ ᠤᠯᠤᠰ ᠲᠦᠷᠦ ᠶᠢᠨ ᠵᠤᠬᠰᠤᠴᠠ ᠪᠠ ᠤᠯᠤᠰ ᠲᠦᠷᠦ ᠶᠢᠨ ᠤᠬᠠᠮᠰᠠᠷ ᠢᠶᠠᠨ ᠴᠢᠨᠠᠬᠰᠢᠳᠠ ᠲᠡᠭᠡᠭᠰᠢᠯᠡᠭᠦᠯᠪᠡ᠃ ᠤᠯᠠᠨ ᠢᠶᠠᠷ ᠢᠶᠠᠨ ᠠᠰᠠᠭᠤᠳᠠᠯ ᠤᠨ ᠤᠳᠤᠷᠢᠳᠤᠮᠵᠢ ᠪᠤᠯᠤᠨ ᠦᠷ᠎ᠠ ᠪᠦᠳᠦᠮᠵᠢ ᠶᠢᠨ ᠤᠳᠤᠷᠢᠳᠤᠮᠵᠢ ᠶᠢ ᠪᠠᠷᠢᠮᠳᠠᠯᠠᠵᠤ ᠂ ᠲᠤᠭᠤᠷᠢᠨ ᠪᠠᠶᠢᠴᠠᠭᠠᠵᠤ ᠬᠠᠷᠢᠭᠤ ᠲᠤᠰᠬᠠᠬᠰᠠᠨ ᠠᠰᠠᠭᠤᠳᠠᠯ ᠪᠠ ᠰᠠᠨᠠᠯ ᠢ ᠬᠦᠨᠵᠡᠭᠡᠢ ᠪᠠᠶᠢᠴᠠᠭᠠᠨ ᠨᠠᠷᠢᠯᠢᠭ ᠬᠠᠷᠢᠴᠠᠭᠤᠯᠵᠤ᠂ ᠬᠦᠨᠵᠡᠭᠡᠢ ᠠᠭᠤᠳᠠᠯᠤᠨ ᠨᠠᠷᠢᠨ ᠵᠠᠳᠠᠯᠵᠤ᠂ ᠡᠭᠦᠷᠭᠡ ᠶᠢ ᠨᠠᠷᠢᠯᠢᠬᠵᠢᠭᠤᠯᠤᠨ᠂ ᠠᠷᠭ᠎ᠠ ᠬᠡᠮᠵᠢᠶ᠎ᠠ ᠶᠢ ᠪᠤᠳᠠᠳᠠᠶᠢᠵᠢᠭᠤᠯᠵᠤ᠂ ᠲᠤᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠰᠠᠶᠢᠳᠤᠷ ᠠᠳᠬᠤᠬᠤ ᠭᠤᠤᠯᠳᠠᠯᠭ᠎ᠠ ᠲᠠᠢ ᠡᠭᠦᠷᠭᠡ ᠪᠠ ᠭᠤᠤᠯᠳᠠᠯᠭ᠎ᠠ ᠲᠠᠢ ᠠᠷᠭ᠎ᠠ ᠬᠡᠮᠵᠢᠶ᠎ᠠ ᠶᠢ ᠴᠢᠨᠠᠬᠰᠢᠳᠠ ᠲᠤᠳᠤᠷᠬᠠᠶᠢᠯᠠᠪᠠ᠃ ᠤᠯᠠᠨ ᠢᠶᠠᠷ ᠢᠶᠠᠨ ᠰᠤᠷᠳᠠᠯ ᠴᠡᠭᠴᠡᠯᠡᠭᠦ ᠵᠤᠷᠢᠭ ᠰᠠᠨᠠᠭ᠎ᠠ ᠶᠢ ᠪᠠᠳᠠᠷᠠᠭᠤᠯᠤᠨ᠂ ᠰᠢᠭᠦᠮᠵᠢᠯᠡᠯ ᠬᠢᠬᠦ ᠵᠡᠪᠰᠡᠭ ᠢ ᠬᠡᠷᠡᠭᠯᠡᠵᠦ᠂ ᠦᠪᠡᠷ ᠤᠨ ᠰᠢᠭᠦᠮᠵᠢᠯᠡᠯ ᠬᠢᠬᠦ ᠳᠡᠭᠡᠨ ᠰᠢᠭᠤᠳ ᠠᠰᠠᠭᠤᠳᠠᠯ ᠢᠶᠠᠨ ᠶᠠᠷᠢᠵᠣ᠂ ᠬᠦᠮᠦᠨ ᠤᠴᠢᠷ ᠶᠠᠪᠤᠳᠠᠯ ᠠᠴᠠ ᠦᠵᠡᠯ ᠰᠠᠨᠠᠭ᠎ᠠ ᠶᠢ ᠨᠢ ᠤᠯᠵᠤ ᠬᠠᠷᠠᠵᠤ᠂ ᠬᠠᠷᠢᠯᠴᠠᠨ ᠰᠢᠭᠦᠮᠵᠢᠯᠡᠭᠦ ᠳᠡᠭᠡᠨ ᠨᠢᠭᠤᠷ ᠲᠠᠯ᠎ᠠ ᠬᠠᠷᠠᠭᠰᠠᠨ ᠦᠭᠡᠢ᠂ ᠴᠢᠷᠠᠢ ᠶᠢ ᠨᠢ ᠤᠯᠠᠶᠢᠯᠭᠠᠨ ᠬᠦᠯᠦᠰᠦ ᠭᠠᠷᠭᠠᠵᠣ᠂ ᠲᠤᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠰᠠᠶᠢᠳᠤᠷ ᠠᠳᠬᠤᠬᠤ ᠦᠵᠡᠯ ᠰᠠᠨᠠᠭᠠᠨ ᠤ ᠬᠠᠮᠳᠤ ᠶᠢᠨ ᠲᠠᠨᠨᠢᠯᠳᠠ ᠪᠤᠯᠤᠨ ᠠᠵᠢᠯ ᠤᠨ ᠬᠠᠮᠳᠤᠷᠠᠯ ᠬᠦᠴᠦᠨ ᠢ ᠴᠢᠨᠠᠬᠰᠢᠳᠠ ᠴᠢᠩᠭᠠᠷᠠᠭᠤᠯᠪᠠ᠃ ᠬᠤᠷᠠᠯ ᠨᠢ ᠡᠬᠢᠯᠡᠬᠦ ᠠᠴᠠ ᠪᠠᠨ ᠳᠠᠭᠤᠰᠳᠠᠯ᠎ᠠ ᠠᠷᠠᠳᠴᠢᠯᠡᠯ ᠎ ᠤᠨ ᠠᠭᠤᠷ ᠠᠮᠢᠰᠬᠤᠯ ᠢᠶᠠᠷ ᠪᠢᠯᠬᠠᠵᠤ᠂ ᠪᠦᠯᠬᠦᠮᠳᠡᠬᠦ — ᠰᠢᠭᠦᠮᠵᠢᠯᠡᠬᠦ — ᠪᠦᠯᠬᠦᠮᠳᠡᠬᠦ ᠬᠠᠷᠠᠯᠳᠠ ᠳᠠᠭᠠᠨ ᠬᠦᠷᠴᠠᠢ᠃      ᠯᠢ ᠵᠢᠢ ᠾᠧᠩ ᠳ᠋ᠦᠩᠨᠡᠯᠳᠡ ᠶᠢᠨ ᠶᠠᠷᠢᠶᠠᠨ ᠳᠠᠭᠠᠨ᠂ ᠡᠨᠡ ᠤᠳᠠᠭ᠎ᠠ ᠶᠢᠨ ᠲᠤᠰᠬᠠᠢ ᠰᠡᠳᠦᠪᠳᠤ ᠠᠷᠠᠳᠴᠢᠯᠠᠯ ᠎ ᠤᠨ ᠠᠮᠢᠳᠤᠷᠠᠯ ᠤᠨ ᠬᠤᠷᠠᠯ ᠲᠦᠪ ᠤᠨ ᠲᠤᠭᠤᠷᠢᠨ ᠪᠠᠶᠢᠴᠠᠭᠠᠵᠤ ︽ᠡᠷᠬᠢᠨ ᠬᠠᠷᠠᠵᠤ︾ ᠬᠠᠷᠢᠭᠤ ᠲᠤᠰᠬᠠᠬᠰᠠᠨ ᠰᠠᠨᠠᠯ ᠳᠡᠭᠡᠷ᠎ᠡ ᠠᠩᠬᠠᠷᠤᠯ ᠢᠶᠠᠨ ᠲᠥᠪᠯᠡᠷᠡᠭᠦᠯᠵᠦ᠂ ᠲᠠᠬᠢᠨ ᠰᠤᠷᠤᠯᠴᠠᠨ᠂ ᠲᠠᠬᠢᠨ ᠲᠡᠭᠡᠭᠰᠢᠯᠡᠭᠦᠯᠵᠤ᠂ ᠲᠠᠬᠢᠨ ᠪᠠᠶᠢᠴᠠᠭᠠᠨ᠂ ᠲᠠᠬᠢᠨ ᠵᠠᠳᠠᠯᠵᠤ᠂ ᠲᠤᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠪᠦᠬᠦ ᠲᠠᠯ᠎ᠠ ᠪᠠᠷ ᠠᠬᠢᠭᠤᠯᠬᠤ ᠳᠤ ᠬᠦᠴᠦᠷᠭᠡᠭ ᠶᠡᠭᠡ ᠬᠦᠳᠡᠯᠭᠡᠭᠴᠢ ᠬᠦᠴᠦᠨ ᠨᠡᠮᠡᠷᠢᠯᠡᠪᠡ᠃ ᠲᠤᠰᠬᠠᠢ ᠰᠡᠳᠦᠪᠳᠤ ᠠᠷᠠᠳᠴᠢᠯᠡᠯ ᠤᠨ ᠠᠮᠢᠳᠤᠷᠠᠯ ᠤᠨ ᠬᠤᠷᠠᠯ ᠤᠨ ᠦᠷ᠎ᠡ ᠪᠦᠳᠦᠭᠡᠯ ᠢ ᠬᠦᠢᠴᠡᠳ ᠠᠰᠢᠬᠯᠠᠵᠤ᠂ ᠤᠯᠤᠰ ᠲᠦᠷᠦ ᠶᠢ ᠡᠷᠬᠢᠮᠯᠡᠬᠦ ᠦᠨᠳᠦᠷᠴᠡ ᠳᠤ ᠵᠤᠬᠰᠤᠨ᠂ ︽ᠲᠠᠬᠢᠨ ᠪᠤᠷᠤᠭᠤ ᠭᠠᠷᠭᠠᠬᠤ ᠦᠭᠡᠢ︾ ᠤᠪᠤᠷ ᠪᠠ ᠬᠡᠪ ᠠᠴᠠ ᠬᠡᠳᠦᠶᠢᠳᠦᠭᠰᠡᠨ ᠡᠷᠴᠢᠮ ᠢᠶᠠᠷ᠂ ᠲᠤᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠡᠯ᠎ᠠ ᠵᠦᠢᠯ ᠤᠨ ᠡᠭᠦᠷᠭᠡ ᠶᠢ ᠨᠡᠶᠢᠳᠡᠪᠦᠷᠢᠵᠢᠭᠤᠯᠬᠤ ᠶᠢ ᠡᠷᠡᠰ ᠰᠠᠶᠢᠳᠤᠷ ᠠᠳᠬᠤᠬᠤ ᠬᠡᠷᠡᠭᠳᠡᠢ᠃ ᠤᠨᠴᠠᠭᠠᠶᠢᠯᠠᠨ ᠤᠯᠤᠰ ᠲᠦᠷᠦ ᠶᠢᠨ ᠵᠤᠬᠰᠤᠴᠠ ᠪᠠᠨ ᠲᠡᠭᠡᠭᠰᠢᠯᠡᠭᠦᠯᠬᠦ᠂ ᠨᠠᠮ ᠢ ᠴᠢᠩᠭ᠎ᠠ ᠬᠠᠮᠢᠶᠠᠷᠴᠤ ᠴᠢᠩᠭ᠎ᠠ ᠵᠠᠰᠠᠬᠤ᠂ ᠬᠦᠮᠦᠨ ᠢ ᠵᠦᠪ ᠰᠢᠯᠢᠨ ᠰᠠᠶᠢᠳᠣᠷ ᠬᠡᠷᠡᠭᠯᠡᠭᠦ᠂ ᠠᠵᠢᠯ ᠢ ᠨᠡᠶᠢᠳᠡᠪᠦᠷᠢᠵᠢᠭᠤᠯᠬᠤ ᠶᠢ ᠴᠢᠩᠭᠠᠷᠠᠭᠤᠯᠬᠤ᠂ ᠲᠤᠰ ᠪᠡᠶ᠎ᠠ ᠶᠢᠨ ᠪᠠᠶᠢᠭᠤᠯᠤᠯᠳᠠ ᠪᠠᠨ ᠴᠢᠩᠭᠠᠳᠬᠠᠬᠤ ᠲᠡᠭᠡᠷ᠎ᠡ ᠠᠩᠬᠠᠷᠣᠯ ᠪᠠ ᠬᠦᠴᠦᠨ ᠴᠢᠳᠠᠯ ᠢᠶᠠᠨ ᠲᠦᠪᠯᠡᠷᠡᠭᠦᠯᠵᠤ᠂ ᠲᠤᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠪᠠᠷ ᠲᠡᠮᠵᠢᠭᠤᠯᠤᠨ᠂ ︽ᠲᠦᠷᠪᠡᠨ ᠤᠬᠠᠮᠰᠠᠷ︾᠎ ᠢᠶᠠᠨ ᠦᠨᠡᠨᠭᠦ ᠴᠢᠩᠭᠠᠷᠠᠭᠤᠯᠵᠤ᠂ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠢ ᠶᠢ ᠪᠤᠢ ᠪᠤᠯᠭᠠᠵᠤ᠂ ᠵᠦᠪ ᠤᠨᠤᠪᠴᠢᠳᠠᠢ ᠬᠦᠮᠦᠨ ᠬᠡᠷᠡᠭᠯᠡᠭᠦ ᠤᠳᠤᠷᠢᠳᠤᠮᠵᠢ ᠶᠢ ᠪᠤᠢ ᠪᠤᠯᠭᠠᠵᠣ᠂ ᠡᠯ᠎ᠠ ᠵᠦᠢᠯ ᠤᠨ ᠦᠢᠯᠡᠰ ᠤᠨ ᠬᠦᠭᠵᠢᠯᠳᠡ ᠶᠢ ᠠᠬᠢᠭᠤᠯᠵᠤ᠂ ᠡᠷᠡᠰ ᠴᠢᠩᠭ᠎ᠠ ᠤᠳᠤᠷᠢᠳᠬᠤ ᠬᠠᠮᠳᠣ ᠶᠢ ᠪᠠᠶᠢᠭᠤᠯᠵᠤ᠂ ᠰᠢᠯᠢᠳᠡᠭ ᠠᠮᠵᠢᠯᠳᠡ ᠪᠠᠷ ᠢᠶᠠᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠠᠮᠵᠢᠯᠳᠡ ᠲᠠᠢ ᠬᠤᠷᠠᠯᠳᠤᠬᠤ ᠶᠢ ᠤᠬᠳᠤᠵᠤ᠂ ᠦᠪᠡᠷᠳᠡᠭᠡᠨ ᠵᠠᠰᠠᠬᠤ ᠤᠷᠤᠨ ᠪᠠᠶᠢᠭᠤᠯᠤᠬᠳᠠᠬᠰᠠᠨ 70 ᠵᠢᠯ ᠤᠨ ᠤᠢ ᠶᠢ ᠪᠡᠯᠭᠡᠯᠡᠭᠦ ᠬᠡᠷᠡᠭᠳᠡᠢ ᠬᠡᠵᠤ ᠵᠢᠭᠠᠵᠤ ᠭᠠᠷᠭᠠᠪᠠ᠃      ᠦᠪᠡᠷᠳᠡᠭᠡᠨ ᠵᠠᠰᠬᠠᠤ ᠤᠷᠤᠨ ᠤ ᠤᠳᠤᠷᠢᠳᠤᠯᠭ᠎ᠠ ᠷᠧᠨ ᠶᠠ ᠫᠢᠩ᠂ ᠬᠤᠷᠴᠠ᠂ ᠸᠠᠩ ᠬᠤᠸᠠᠨ ᠴᠧᠩ ᠬᠤᠷᠠᠯ ᠳᠤ ᠰᠤᠯᠠ ᠤᠷᠤᠯᠴᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号