ᠡᠷᠢᠶᠡᠨ ᠬᠤᠲᠠ ᠶᠢᠨ ᠲᠤᠭᠲᠠᠭᠰᠠᠨ ᠴᠢᠭ᠋ ᠤᠨ ᠡᠮ ᠡᠮᠨᠡᠯᠭᠡ ᠶᠢᠨ ᠪᠠᠶᠢᠭᠤᠯᠤᠮᠵᠢ ᠨᠡᠮᠡᠭᠳᠡᠭᠡᠳ 60 ᠪᠤᠯᠪᠠ
ᠨᠡᠶᠢᠲᠡᠯᠡᠭᠰᠡᠨ ᠴᠠᠭ᠄
2017/6/29
      2016 ᠣᠨ ᠳᠤ ᠲᠤᠭᠲᠠᠭᠰᠠᠨ ᠴᠢᠭ᠋ ᠤᠨ ᠡᠮ ᠡᠮᠨᠡᠯᠭᠡ ᠶᠢᠨ ᠪᠠᠶᠢᠭᠤᠯᠤᠮᠵᠢ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯ ᠢ ᠬᠦᠴᠦᠨ ᠦᠭᠡᠶ ᠪᠤᠯᠭᠠᠭᠰᠠᠨ ᠤ ᠲᠠᠷᠠᠭ᠎ᠠ᠂ ᠡᠷᠢᠶᠡᠨ ᠬᠤᠲᠠ ︽ᠡᠷᠢᠶᠡᠨ ᠬᠤᠲᠠ ᠶᠢᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠲᠤᠭᠲᠠᠭᠰᠠᠨ ᠴᠢᠭ᠋ ᠤᠨ ᠡᠮ ᠡᠮᠨᠡᠯᠭᠡ ᠶᠢᠨ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠠᠷᠭ᠎ᠠ︾᠎ ᠶᠢ ᠲᠤᠭᠲᠠᠭᠠᠪᠠ᠃ ᠭᠤᠶᠤᠴᠢᠯᠠᠯ ᠤᠨ ᠮᠠᠲ᠋ᠧᠷᠢᠶᠠᠯ ᠢ ᠬᠢᠨᠠᠨ ᠬᠠᠷᠭᠤᠭᠤᠯᠬᠤ᠂ ᠲᠤᠬᠠᠶ ᠶᠢᠨ ᠭᠠᠵᠠᠷ ᠲᠤᠨᠢ ᠬᠢᠨᠠᠨ ᠪᠠᠶᠢᠴᠠᠭᠠᠬᠤ᠂ ᠦᠨᠡᠯᠡᠨ ᠵᠢᠱᠢᠬᠦ ᠳᠤᠭᠤᠶᠢᠯᠠᠩ ᠤᠨ ᠦᠨᠡᠯᠡᠨ ᠵᠢᠱᠢᠬᠦ ᠵᠡᠷᠭᠡ ᠭᠤᠭᠴᠤᠭ᠎ᠠ ᠪᠠᠷ ᠳᠠᠮᠵᠢᠭᠤᠯᠤᠨ᠂ ᠲᠤᠭᠲᠠᠭᠰᠠᠨ ᠴᠢᠭ᠋ ᠤᠨ ᠬᠢᠷᠢ ᠬᠡᠮ ᠢ ᠰᠢᠨ᠎ᠡ ᠪᠠᠷ ᠭᠤᠶᠤᠴᠢᠯᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠳᠤ ᠬᠢᠷᠢ ᠬᠡᠮ ᠤᠨ ᠮᠠᠭᠠᠳᠯᠠᠨ ᠲᠤᠭᠲᠠᠭᠠᠯᠲᠠ ᠬᠢᠵᠤ᠂ ᠬᠤᠶᠠᠷ ᠢ ᠲᠤᠭᠲᠠᠭᠠᠬᠤ ᠪᠠᠶᠢᠭᠤᠯᠤᠮᠵᠢ ᠶᠢᠨ ᠬᠢᠷᠢ ᠬᠡᠮ ᠬᠢᠨᠠᠨ ᠵᠦᠪᠰᠢᠶᠡᠷᠡᠬᠦ ᠶᠢ ᠨᠢ ᠬᠦᠴᠦᠨ ᠥᠭᠡᠢ ᠪᠣᠯᠭᠠᠭᠰᠠᠨ ᠤ ᠲᠠᠷᠠᠭ᠎ᠠ ᠬᠠᠮᠢᠶᠠᠷᠤᠯᠲᠠ ᠶᠢᠨ ᠠᠵᠢᠯ ᠢ ᠲᠤᠭᠲᠠᠭᠤᠨ ᠢᠶᠠᠷ ᠰᠢᠯᠵᠢᠬᠦᠯᠪᠡ᠃ ᠤᠳᠤ ᠪᠤᠯᠬᠤ ᠳᠤ᠂ ᠡᠷᠢᠶᠡᠨ ᠬᠤᠳᠠ ᠶᠢᠨ ᠬᠤᠳᠠ ᠶᠢᠨ ᠲᠤᠭᠲᠠᠭᠰᠠᠨ ᠴᠢᠭ᠋ ᠤᠨ ᠡᠮ ᠡᠮᠨᠡᠯᠭᠡ ᠶᠢᠨ ᠪᠠᠶᠢᠭᠤᠯᠤᠮᠵᠢ 49 ᠪᠠᠶᠢᠭᠰᠠᠨ ᠠᠴᠠ ᠪᠠᠨ ᠨᠡᠮᠡᠭᠳᠡᠭᠡᠳ 60 ᠪᠤᠯᠪᠠ᠃ ᠡᠭᠦᠨ ᠳᠤ᠄ ᠲᠤᠭᠲᠠᠭᠰᠠᠨ ᠴᠢᠭ᠋ ᠤᠨ ᠡᠮ ᠡᠮᠨᠡᠯᠭᠡ ᠶᠢᠨ ᠪᠠᠶᠢᠭᠤᠯᠤᠮᠵᠢ 15᠂ ᠲᠤᠭᠲᠠᠭᠰᠠᠨ ᠴᠢᠭ᠋ ᠤᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ 45 ᠪᠤᠢ᠃ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠲᠤᠭᠲᠠᠭᠰᠠᠨ ᠴᠢᠭ᠋ ᠤᠨ ᠡᠮ ᠡᠮᠨᠡᠯᠭᠡ ᠶᠢᠨ ᠪᠠᠶᠢᠭᠤᠯᠤᠮᠵᠢ 5︔ ᠦᠷᠡᠵᠢᠯ ᠤᠨ ᠳᠠᠭᠠᠳᠬᠠᠯ ᠤᠨ ᠲᠤᠭᠲᠠᠭᠰᠠᠨ ᠴᠢᠬ ᠤᠨ ᠡᠮ ᠡᠮᠨᠡᠯᠭᠡ ᠶᠢᠨ ᠪᠠᠶᠢᠭᠤᠯᠤᠮᠵᠢ 2᠎ ︔ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠲᠤᠭᠲᠠᠭᠰᠠᠨ ᠴᠢᠭ᠋ ᠤᠨ ᠡᠮ ᠡᠮᠨᠡᠯᠭᠡ ᠶᠢᠨ ᠪᠠᠶᠢᠭᠤᠯᠤᠮᠵᠢ 1 ᠪᠤᠢ᠃ ᠣᠨᠳᠣᠣ ᠭᠠᠵᠠᠷ ᠲᠤ ᠡᠮᠴᠢᠯᠡᠭᠦᠯᠬᠦ ᠲᠤᠭᠲᠠᠭᠰᠠᠨ ᠴᠢᠭ᠋ ᠤᠨ ᠡᠮ ᠡᠮᠨᠡᠯᠭᠡ ᠶᠢᠨ ᠪᠠᠶᠢᠭᠤᠯᠤᠮᠵᠢ 50 ᠪᠠᠶᠢᠨ᠎ᠠ᠃      ᠲᠣᠭᠲᠠᠭᠠᠯ ᠶᠣᠰᠣᠭᠠᠷ᠂ ᠡᠷᠢᠶᠡᠨ ᠬᠤᠲᠠ ᠶᠢᠨ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠨᠢ ᠳᠡᠭᠡᠷ᠎ᠡ ᠳᠤᠷᠠᠳᠤᠭᠰᠠᠨ ᠲᠤᠭᠲᠠᠭᠰᠠᠨ ᠴᠢᠭ᠋ ᠤᠨ ᠡᠮ ᠡᠮᠨᠡᠯᠭᠡ ᠶᠢᠨ ᠪᠠᠶᠢᠭᠤᠯᠤᠮᠵᠢ ᠯᠤᠭ᠎ᠠ 2017 ᠣᠨ ᠤ ᠡᠮ ᠡᠮᠨᠡᠯᠭᠡ ᠶᠢᠨ ᠦᠢᠯᠡᠴᠢᠯᠡᠭᠡᠨ ᠤ ᠵᠦᠪᠯᠡᠯᠴᠡᠭᠡᠷ ᠲᠤᠭᠲᠠᠪᠠ᠃ ᠲᠠᠷᠠᠭᠠᠴᠢ ᠶᠢᠨ ᠠᠯᠬᠤᠮ ᠳᠤ ᠵᠦᠪᠯᠡᠯᠴᠡᠭᠡᠷ ᠤᠨ ᠲᠣᠭᠲᠠᠭᠠᠯ ᠢ ᠴᠢᠩᠭ᠎ᠠ ᠵᠢᠷᠤᠮᠯᠠᠨ᠂ ᠲᠤᠭᠲᠠᠭᠰᠠᠨ ᠴᠢᠭ᠋ ᠤᠨ ᠡᠮ ᠡᠮᠨᠡᠯᠭᠡ ᠶᠢᠨ ᠪᠠᠶᠢᠭᠤᠯᠤᠮᠵᠢ ᠳᠤ ᠡᠳᠦᠷ ᠲᠤᠳᠦᠮ ᠤᠨ ᠪᠠᠶᠢᠴᠠᠭᠠᠯᠲᠠ ᠶᠢᠨ ᠡᠷᠴᠢᠮ ᠢᠶᠠᠨ ᠴᠢᠩᠭᠠᠳᠬᠠᠵᠤ᠂ ᠵᠢᠯ ᠤᠨ ᠡᠴᠦᠰ ᠤᠨ ᠬᠢᠨᠠᠨ ᠰᠢᠯᠭᠠᠬᠤ ᠲᠣᠭᠲᠠᠴᠠ ᠶᠢ ᠤᠯᠠᠮ ᠨᠢᠭᠡ ᠠᠯᠬᠤᠮ ᠪᠦᠷᠢᠨᠰᠢᠬᠦᠯᠵᠤ᠂ ᠲᠡᠳᠡᠨ ᠤ ᠵᠦᠪᠯᠡᠯᠴᠡᠭᠡᠷ ᠢ ᠵᠥᠷᠢᠴᠡᠭᠰᠡᠨ ᠶᠠᠪᠤᠳᠠᠯ ᠢ ᠴᠠᠭ ᠲᠤᠬᠠᠶ ᠳᠤᠨᠢ ᠰᠢᠢᠳᠪᠦᠷᠢᠯᠡᠵᠤ᠂ ᠵᠦᠪᠯᠡᠯᠴᠡᠭᠡᠷ ᠤᠨ ᠬᠠᠮᠢᠶᠠᠷᠤᠯᠲᠠ ᠶᠢ ᠴᠢᠩᠭᠠᠳᠬᠠᠬᠤ ᠪᠠᠷ ᠳᠠᠮᠵᠢᠭᠤᠯᠤᠨ᠂ ᠲᠤᠭᠲᠠᠭᠰᠠᠨ ᠴᠢᠭ᠋ ᠤᠨ ᠡᠮ ᠡᠮᠨᠡᠯᠭᠡ ᠶᠢᠨ ᠪᠠᠶᠢᠭᠤᠯᠤᠮᠵᠢ ᠶᠢᠨ ᠡᠮ ᠡᠮᠨᠡᠯᠭᠡ ᠶᠢᠨ ᠦᠢᠯᠡᠴᠢᠯᠡᠭᠡᠨ ᠤ ᠬᠢᠷᠢ ᠲᠦᠪᠰᠢᠨ ᠢ ᠦᠨᠡᠨ ᠬᠦ ᠳᠡᠭᠡᠭᠰᠢᠯᠡᠬᠦᠯᠦᠨ᠎ᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号