ᠪᠦᠬᠦ ᠤᠷᠤᠨ ᠤ ᠲᠦᠬᠦᠮ ᠪᠦᠳᠦᠴᠡᠳᠦ ᠤᠷᠤᠨ ᠰᠠᠭᠤᠴᠠ ᠶᠢ ᠦᠭᠡᠷᠡᠴᠢᠯᠡᠨ ᠰᠠᠶᠢᠵᠢᠷᠠᠭᠤᠯᠬᠤ ᠲᠤᠬᠠᠢ ᠶᠢᠨ ᠲᠠᠯᠠᠪᠠᠢ ᠶᠢᠨ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2017/6/30
     6 ᠳ᠋ᠤᠭᠠᠷ ᠰᠠᠷ᠎ᠠ ᠶᠢᠨ 28᠎ ᠤ ᠡᠳᠦᠷ᠂ ᠪᠦᠬᠦ ᠤᠷᠤᠨ ᠤ ᠲᠦᠬᠦᠮ ᠪᠦᠳᠦᠴᠡᠳᠦ ᠤᠷᠤᠨ ᠰᠠᠭᠤᠴᠠ ᠶᠢ ᠦᠭᠡᠷᠡᠴᠢᠯᠡᠨ ᠰᠠᠶᠢᠵᠢᠷᠠᠭᠤᠯᠬᠤ ᠲᠤᠬᠠᠢ ᠶᠢᠨ ᠲᠠᠯᠠᠪᠠᠢ ᠶᠢᠨ ᠠᠬᠢᠭᠤᠯᠬᠤ ᠬᠤᠷᠠᠯ ᠤᠯᠠᠭᠠᠨᠴᠠᠪ ᠬᠤᠳᠠ ᠳᠤ ᠬᠤᠷᠠᠯᠳᠤᠵᠠᠢ᠃ ᠦᠪᠡᠷᠲᠡᠭᠡᠨ ᠵᠠᠰᠠᠬᠤ ᠤᠷᠤᠨ ᠤ ᠳᠡᠳ᠋ ᠲᠡᠷᠢᠬᠦᠯᠡᠭᠴᠢ ᠸᠠᠩ ᠪᠦᠸᠧ ᠬᠤᠷᠠᠯ ᠳᠡᠭᠡᠷ᠎ᠠ᠂ ᠵᠤᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠨᠠᠬᠰᠢᠳᠠ ᠴᠢᠩᠭᠠᠳᠬᠠᠵᠦ᠂ ᠠᠵᠢᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠪᠠᠳᠤᠯᠠᠬᠤ ᠠᠷᠭ᠎ᠠ ᠭᠡᠮᠵᠢᠶ᠎ᠠ ᠶᠢ ᠴᠢᠩᠭᠠᠳᠬᠠᠵᠦ᠂ ᠪᠦᠬᠦ ᠵᠢᠯ ᠤᠨ ᠬᠠᠷᠠᠯᠳᠠ ᠡᠬᠦᠷᠭᠡ ᠲᠡᠬᠦᠰ ᠠᠮᠵᠢᠯᠳᠠ ᠲᠠᠢ ᠪᠡᠶᠡᠯᠡᠭᠳᠡᠬᠦ ᠶᠢ ᠪᠠᠳᠤᠯᠠᠬᠤ ᠭᠡᠷᠡᠭᠲᠡᠢ ᠭᠡᠵᠦ ᠴᠢᠬᠤᠯᠠᠴᠢᠯᠠᠵᠠᠢ᠃      ᠸᠠᠩ ᠪᠦᠸᠧ᠂ ᠤᠳᠤᠬᠠᠨ ᠳᠤ᠂ ᠲᠦᠬᠦᠮ ᠪᠦᠳᠦᠴᠡᠳᠦ ᠤᠷᠤᠨ ᠰᠠᠭᠤᠴᠠ ᠶᠢ ᠦᠭᠡᠷᠡᠴᠢᠯᠡᠨ ᠰᠠᠶᠢᠵᠢᠷᠠᠭᠤᠯᠬᠤ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢᠨ ᠰᠢᠵᠢᠷ ᠠᠯᠳᠠᠨ ᠴᠠᠭ ᠦᠶ᠎ᠠ ᠳᠤ ᠤᠷᠤᠵᠦ᠂ ᠡᠯ᠎ᠠ ᠭᠠᠵᠠᠷ ᠤᠷᠤᠨ᠂ ᠡᠯ᠎ᠠ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠬᠢᠨ ᠵᠠᠪᠠᠯ ᠬᠠᠷᠢᠭᠤᠴᠠᠯᠭᠠᠳᠦ ᠰᠡᠳᠬᠢᠯᠭᠡ᠂ ᠲᠤᠯᠭᠠᠮ᠎ᠠ ᠰᠡᠳᠬᠢᠯᠭᠡ ᠪᠠᠨ ᠴᠢᠨᠠᠭᠰᠢᠳᠠ ᠴᠢᠩᠭᠠᠳᠬᠠᠵᠦ᠂ ᠤᠯᠤᠰ ᠤᠨ ᠲᠦᠬᠦᠮ ᠪᠦᠳᠦᠴᠡᠳᠦ ᠤᠷᠤᠨ ᠰᠠᠭᠤᠴᠠ ᠶᠢ ᠦᠭᠡᠷᠡᠴᠢᠯᠡᠨ ᠰᠠᠶᠢᠵᠢᠷᠠᠭᠤᠯᠬᠤ ᠬᠦᠴᠦᠯᠡᠴᠡ ᠶᠢ ᠨᠡᠮᠡᠭᠳᠡᠬᠦᠯᠵᠦ ᠪᠠᠶᠢᠬᠤ ︽ᠴᠤᠩᠬᠤᠪᠴᠢ ᠶᠢᠨ ᠬᠤᠭᠤᠴᠠᠭ᠎ᠠ︾᠎ ᠶᠢᠨ ᠠᠵᠠ ᠲᠤᠬᠢᠶᠠᠯ ᠢ ᠰᠠᠶᠢᠲᠤᠷ ᠠᠰᠢᠬᠯᠠᠵᠦ᠂ ᠤᠨ ᠤ ᠲᠦᠯᠦᠪᠯᠡᠭᠡ ᠪᠠ ᠡᠬᠦᠷᠭᠡ ᠶᠢᠨ ᠬᠤᠪᠢᠶᠠᠷᠢᠯᠠᠯ ᠲᠠᠢ ᠨᠠᠷᠢᠨ ᠬᠠᠷᠭᠤᠭᠤᠯᠵᠦ᠂ ᠠᠵᠢᠯ ᠤᠨ ᠠᠷᠭ᠎ᠠ ᠭᠡᠮᠵᠢᠶ᠎ᠠ ᠶᠢ ᠨᠠᠷᠢᠯᠢᠬᠵᠢᠭᠤᠯᠵᠦ᠂ ᠲᠦᠷᠦᠯ ᠵᠦᠢᠯ ᠤᠨ ᠪᠠᠷᠢᠯᠭ᠎ᠠ ᠡᠬᠢᠯᠡᠬᠦᠯᠬᠦ᠂ ᠪᠠᠷᠢᠯᠭ᠎ᠠ ᠶᠢᠨ ᠠᠬᠢᠴᠠ ᠪᠠ ᠪᠠᠷᠢᠯᠭ᠎ᠠ ᠳᠠᠭᠤᠰᠬᠤ ᠡᠯ᠎ᠠ ᠭᠤᠭᠴᠤᠭ᠎ᠠ ᠶᠢ ᠪᠦᠬᠦ ᠬᠦᠴᠦ ᠪᠠᠷ ᠰᠠᠶᠢᠲᠤᠷ ᠠᠳᠬᠤᠬᠤ ᠭᠡᠷᠡᠭᠲᠡᠢ︔ ᠪᠡᠯᠡ ᠤᠷᠤᠭᠤᠯᠬᠤ ᠪᠡᠯᠡ ᠮᠦᠩᠬᠦ ᠴᠤᠬᠯᠠᠭᠤᠯᠬᠤ ᠠᠷᠭ᠎ᠠ ᠵᠠᠮ ᠢ ᠴᠢᠨᠠᠭᠰᠢᠳᠠ ᠦᠷᠭᠡᠳᠭᠡᠵᠦ᠂ ᠪᠡᠯᠡ ᠮᠦᠩᠬᠦ ᠴᠤᠬᠯᠠᠭᠤᠯᠬᠤ ᠵᠠᠬᠪᠤᠷ ᠤᠨ ᠰᠢᠨ᠎ᠠ ᠶᠢ ᠡᠬᠦᠳᠴᠦ᠂ ᠪᠡᠯᠡ ᠮᠦᠩᠬᠦ ᠴᠤᠬᠯᠠᠭᠤᠯᠬᠤ ᠬᠦᠴᠢᠷ ᠠᠰᠠᠭᠤᠳᠠᠯ ᠢ ᠪᠦᠳᠦᠮᠵᠢᠳᠠᠢ ᠰᠢᠢᠳᠪᠤᠷᠢᠯᠡᠬᠦ ᠭᠡᠷᠡᠭᠲᠡᠢ︔ ᠴᠠᠭ᠂ ᠭᠠᠵᠠᠷ᠂ ᠬᠤᠳᠠ ᠶᠢᠨ ᠪᠠᠶᠢᠳᠠᠯ ᠢ ᠦᠨᠳᠦᠰᠦᠯᠡᠨ ᠠᠷᠭ᠎ᠠ ᠪᠤᠳᠤᠯᠭ᠎ᠠ ᠭᠡᠷᠡᠭᠵᠢᠬᠦᠯᠵᠦ᠂ ᠲᠦᠬᠦᠮ ᠪᠦᠳᠦᠴᠡᠳᠦ ᠤᠷᠤᠨ ᠰᠠᠭᠤᠴᠠ ᠶᠢ ᠦᠭᠡᠷᠡᠴᠢᠯᠡᠨ ᠰᠠᠶᠢᠵᠢᠷᠠᠭᠤᠯᠬᠤ ᠶᠢᠨ ᠵᠤᠭᠤᠰᠴᠢᠯᠠᠬᠰᠠᠨ ᠲᠦᠪᠬᠢᠨᠡᠬᠦᠯᠬᠦ ᠠᠵᠢᠯ ᠢ ᠪᠤᠳᠠᠳᠠᠢ ᠰᠠᠶᠢᠲᠤᠷ ᠬᠢᠬᠦ ᠭᠡᠷᠡᠭᠲᠡᠢ︔ ᠲᠦᠬᠦᠮ ᠪᠦᠳᠦᠴᠡᠳᠦ ᠤᠷᠤᠨ ᠰᠠᠭᠤᠴᠠ ᠶᠢ ᠦᠭᠡᠷᠡᠴᠢᠯᠡᠨ ᠰᠠᠶᠢᠵᠢᠷᠠᠭᠤᠯᠬᠤ ︽ᠵᠠᠭᠤᠷᠮᠠᠭ︾ ᠢᠨᠵᠧᠨᠧᠷᠢᠩ ᠢ ᠬᠦᠴᠦᠯᠡᠨ ᠰᠠᠶᠢᠲᠤᠷ ᠰᠢᠢᠳᠪᠤᠷᠢᠯᠡᠵᠦ᠂ ᠲᠦᠬᠦᠮ ᠪᠦᠳᠦᠴᠡᠳᠦ ᠤᠷᠤᠨ ᠰᠠᠭᠤᠴᠠ ᠶᠢ ᠦᠭᠡᠷᠡᠴᠢᠯᠡᠨ ᠰᠠᠶᠢᠵᠢᠷᠠᠭᠤᠯᠬᠤ ᠰᠢᠨ᠎ᠠ 3 ᠵᠢᠯ ᠤᠨ ᠲᠦᠯᠦᠪᠯᠡᠭᠡ ᠶᠢ ᠡᠷᠳᠡᠭᠡᠨ ᠨᠠᠶᠢᠷᠠᠭᠤᠯᠤᠨ ᠲᠤᠭᠳᠠᠭᠠᠵᠦ᠂ ᠲᠦᠬᠦᠮ ᠪᠦᠳᠦᠴᠡᠳᠦ ᠤᠷᠤᠨ ᠰᠠᠭᠤᠴᠠ ᠶᠢ ᠦᠭᠡᠷᠡᠴᠢᠯᠡᠨ ᠰᠠᠶᠢᠵᠢᠷᠠᠭᠤᠯᠬᠤ ᠬᠦᠴᠦᠯᠡᠴᠡ ᠪᠠ ᠭᠡᠷ ᠭᠠᠵᠠᠷ ᠤᠨ ᠬᠦᠷᠦᠩᠭᠡ ᠶᠢᠨ ᠵᠠᠬ᠎ᠠ ᠳᠡᠯᠭᠡᠬᠦᠷ ᠤᠨ ᠲᠤᠬᠢᠷᠠᠭᠤᠯᠭ᠎ᠠ ᠡᠵᠡᠮᠳᠡᠯ ᠢ ᠨᠢᠭᠡᠳᠦᠯᠳᠠᠢ ᠲᠦᠯᠦᠪᠵᠢᠬᠦᠯᠦᠨ ᠰᠠᠶᠢᠲᠤᠷ ᠠᠳᠬᠤᠬᠤ ᠭᠡᠷᠡᠭᠲᠡᠢ ᠭᠡᠵᠦ ᠵᠢᠭᠠᠵᠦ ᠭᠠᠷᠭᠠᠵᠠᠢ᠃      ᠬᠤᠷᠠᠯ ᠠᠴᠠ ᠡᠮᠦᠨ᠎ᠠ᠂ ᠬᠤᠷᠠᠯ ᠳᠤ ᠤᠷᠤᠯᠴᠠᠭᠰᠠᠳ ᠵᠢᠨᠢᠩ ᠲᠤᠭᠤᠷᠢᠭ᠂ ᠴᠠᠬᠠᠷ ᠪᠠᠷᠠᠭᠤᠨ ᠭᠠᠷᠤᠨ ᠡᠮᠦᠨᠡᠳᠦ ᠬᠤᠰᠢᠭᠤ ᠶᠢᠨ ᠭᠡᠰᠡᠭ ᠲᠦᠬᠦᠮ ᠪᠦᠳᠦᠴᠡᠳᠦ ᠤᠷᠤᠨ ᠰᠠᠭᠤᠴᠠ ᠶᠢ ᠦᠭᠡᠷᠡᠴᠢᠯᠡᠨ ᠰᠠᠶᠢᠵᠢᠷᠠᠭᠤᠯᠬᠤ ᠪᠠᠷᠢᠯᠭ᠎ᠠ ᠶᠢᠨ ᠲᠤᠬᠠᠢ ᠶᠢᠨ ᠲᠠᠯᠠᠪᠠᠢ ᠪᠠᠷ ᠲᠤᠭᠤᠷᠢᠨ ᠦᠵᠡᠵᠡᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号