ᠦᠪᠡᠷᠳᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠬᠢᠪᠡ  ᠯᠢ ᠵᠢᠢ ᠾᠧᠩ ᠬᠤᠷᠠᠯ ᠡᠷᠬᠢᠯᠡᠪᠡ
ᠨᠡᠶᠢᠲᠡᠯᠡᠭᠰᠡᠨ ᠴᠠᠭ᠄
2017/6/30
     6 ᠳ᠋ᠤᠭᠠᠷ ᠰᠠᠷ᠎ᠠ ᠶᠢᠨ 29᠎ ᠤ ᠦᠳᠡ ᠶᠢᠨ ᠡᠮᠦᠨ᠎ᠡ᠂ ᠦᠪᠡᠷᠳᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠᠶᠢᠩᠭᠤ ᠶᠢᠨ ᠬᠤᠷᠢᠶ᠎ᠠ ᠶᠢᠨ ᠬᠤᠷᠠᠯ ᠬᠢᠵᠦ᠂ ᠶᠡᠷᠦᠩᠬᠡᠢ ᠱᠦᠵᠢ ᠰᠢ ᠶᠢᠨ ᠫᠢᠩ ᠤᠨ ᠣᠨᠴᠠ ᠶᠠᠳᠠᠭᠤ ᠬᠦᠴᠢᠷᠳᠡᠯᠳᠠᠢ ᠭᠠᠵᠠᠷ ᠣᠷᠣᠨ ᠢ ᠶᠠᠳᠠᠭᠤ ᠠᠴᠠ ᠠᠩᠭᠢᠵᠢᠷᠠᠭᠤᠯᠬᠤ ᠪᠣᠭᠤᠮᠳᠠ ᠰᠢᠪᠳᠣᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶ᠎ᠠ ᠶᠢ ᠣᠯᠠᠮᠵᠢᠯᠠᠨ ᠰᠣᠷᠣᠯᠴᠠᠵᠣ᠂ ᠯᠢᠦ ᠶᠠᠨ ᠳ᠋ᠦᠩ ᠨᠦᠬᠦᠷ ᠤᠨ ᠪᠦᠬᠦ ᠣᠯᠣᠰ ᠤᠨ ᠦᠨᠳᠦᠰᠦᠳᠡᠨ ᠤ ᠪᠦᠯᠬᠦᠮᠳᠡᠯ ᠳᠠᠪᠰᠢᠯᠳᠠ ᠶᠢ ᠡᠭᠦᠳᠦᠨ ᠪᠠᠶᠢᠭᠤᠯᠬᠤ ᠳᠣᠷᠰᠢᠯᠭ᠎ᠠ ᠰᠣᠯᠢᠯᠴᠠᠬᠤ ᠳᠣᠬᠠᠢ ᠶᠢᠨ ᠭᠠᠵᠠᠷ ᠤᠨ ᠬᠤᠷᠠᠯ ᠳᠡᠭᠡᠷᠡᠬᠢ ᠶᠠᠷᠢᠶ᠎ᠠ ᠶᠢ ᠣᠯᠠᠮᠵᠢᠯᠠᠨ ᠰᠣᠷᠣᠯᠴᠠᠵᠣ᠂ ᠮᠠᠨ ᠤ ᠣᠷᠣᠨ ᠤ ᠳᠣᠣᠱᠯᠠᠭᠤᠯᠣᠨ ᠨᠠᠶᠢᠳᠠᠪᠣᠷᠢᠵᠢᠭᠤᠯᠬᠤ ᠰᠠᠨᠠᠯ ᠢ ᠰᠣᠳᠣᠯᠪᠠ᠃ ᠦᠪᠡᠷᠳᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠾᠧᠩ ᠬᠤᠷᠠᠯ ᠡᠷᠬᠢᠯᠡᠪᠡ᠃      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠣᠨᠴᠠ ᠶᠠᠳᠠᠭᠤ ᠬᠦᠴᠢᠷᠳᠡᠯᠳᠠᠢ ᠭᠠᠵᠠᠷ ᠣᠷᠣᠨ ᠢ ᠶᠠᠳᠠᠭᠤ ᠠᠴᠠ ᠠᠩᠭᠢᠵᠢᠷᠠᠭᠤᠯᠬᠤ ᠪᠣᠭᠤᠮᠳᠠ ᠰᠢᠪᠳᠣᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶ᠎ᠠ ᠨᠢ᠂ ᠦᠵᠡᠯ ᠰᠠᠨᠠᠭ᠎ᠠ ᠭᠦᠨ ᠭᠦᠨᠵᠡᠭᠡᠢ᠂ ᠳᠣᠳᠣᠭᠠᠳᠣ ᠠᠭᠤᠯᠣᠭᠳᠠᠬᠤᠨ ᠪᠠᠶᠠᠯᠢᠭ ᠪᠣᠯᠵᠣ᠂ ᠠᠷᠠᠳ ᠲᠦᠮᠡᠨ ᠢᠶᠠᠷ ᠭᠤᠣᠯ ᠪᠣᠯᠭᠠᠬᠤ ᠬᠦᠭᠵᠢᠯᠳᠡ ᠶᠢᠨ ᠦᠵᠡᠯ ᠰᠠᠨᠠᠭ᠎ᠠ ᠶᠢ ᠭᠦᠢᠴᠡᠳ ᠢᠯᠡᠷᠡᠭᠦᠯᠵᠦ᠂ ᠶᠠᠳᠠᠭᠤ ᠬᠦᠴᠢᠷᠳᠡᠯᠳᠠᠢ ᠣᠯᠠᠨ ᠲᠦᠮᠡᠨ ᠲᠠᠢ ᠰᠡᠳᠬᠢᠯ ᠵᠢᠷᠦᠬᠡ ᠪᠠᠨ ᠬᠤᠯᠪᠣᠬᠤ ᠠᠷᠠᠳ ᠢᠶᠠᠨ ᠬᠠᠶᠢᠷᠠᠯᠠᠬᠤ ᠰᠡᠳᠬᠢᠯᠭᠡ ᠶᠢ ᠭᠦᠢᠴᠡᠳ ᠢᠯᠡᠷᠡᠭᠦᠯᠵᠦ᠂ ᠪᠣᠰᠣᠳᠴᠢ ᠵᠢᠮ᠎ᠡ ᠶᠣᠰᠣ ᠶᠢ ᠬᠦᠨᠳᠦᠳᠭᠡᠬᠦ᠂ ᠦᠨᠡᠨ ᠠᠴᠠ ᠵᠦᠪ ᠢ ᠡᠷᠢᠬᠦ ᠵᠣᠷᠢᠭ ᠰᠠᠨᠠᠭ᠎ᠠ ᠶᠢ ᠭᠦᠢᠴᠡᠳ ᠢᠯᠡᠷᠡᠭᠦᠯᠵᠦ᠂ ᠪᠢᠳᠡᠡ ᠣᠨᠴᠠ ᠶᠠᠳᠠᠭᠤ ᠬᠦᠴᠢᠷᠳᠡᠯᠳᠠᠢ ᠪᠠᠶᠢᠬᠤ ᠪᠠᠬᠢᠯᠡᠯᠳᠡ ᠶᠢ ᠡᠪᠳᠡᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠳᠠ ᠰᠢᠪᠳᠣᠯᠬᠤ ᠳᠠᠶᠢᠯᠠᠯᠳᠣᠭᠠᠨ ᠳᠤ ᠢᠯᠠᠯᠳᠠ ᠣᠯᠬᠤ ᠳᠤ ᠦᠵᠡᠯ ᠰᠠᠨᠠᠭᠠᠨ ᠤ ᠵᠢᠯᠣᠭᠤᠳᠣᠯᠭ᠎ᠠ ᠪᠣᠯᠣᠨ ᠠᠵᠢᠯᠯᠠᠭᠠᠨ ᠤ ᠵᠦᠭᠯᠡᠭᠦᠷ ᠬᠠᠩᠭᠠᠵᠠᠢ᠃ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠶᠢᠨ ᠵᠣᠷᠢᠭ ᠰᠠᠨᠠᠭ᠎ᠠ ᠶᠢ ᠭᠦᠨᠵᠡᠭᠡᠢ ᠰᠣᠷᠣᠯᠴᠠᠨ ᠳᠣᠣᠱᠯᠠᠭᠤᠯᠵᠣ᠂ ᠶᠡᠷᠦᠩᠬᠡᠢ ᠱᠦᠵᠢ ᠰᠢ ᠶᠢᠨ ᠫᠢᠩ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠳᠠ ᠰᠢᠪᠳᠣᠯᠬᠤ ᠳᠣᠬᠠᠢ ᠴᠢᠬᠤᠯᠠ ᠶᠠᠷᠢᠶ᠎ᠠ ᠴᠢᠬᠤᠯᠠ ᠵᠢᠭᠠᠪᠣᠷᠢ ᠨᠤᠭᠤᠳ ᠎ ᠤᠨ ᠵᠣᠷᠢᠭ ᠰᠠᠨᠠᠭ᠎ᠠ ᠶᠢ ᠰᠣᠷᠣᠯᠴᠠᠨ ᠳᠣᠣᠱᠯᠠᠭᠤᠯᠬᠤ ᠲᠠᠢ ᠣᠶᠠᠯᠳᠣᠭᠤᠯᠵᠣ᠂ ᠰᠢᠰᠲ᠋ᠧᠮ ᠲᠠᠢ ᠣᠶᠢᠯᠠᠭᠠᠨ᠂ ᠪᠦᠬᠦ ᠳᠠᠯ᠎ᠠ ᠪᠠᠷ ᠡᠵᠡᠮᠰᠢᠵᠦ᠂ ᠦᠵᠡᠯ ᠰᠠᠨᠠᠭ᠎ᠠ ᠪᠣᠯᠣᠨ ᠦᠢᠯᠡ ᠠᠵᠢᠯᠯᠠᠭ᠎ᠠ ᠪᠠᠨ ᠴᠢᠨᠠᠭᠰᠢᠳᠠ ᠨᠠᠮ ᠤᠨ ᠲᠦᠪ ᠬᠤᠷᠢᠶ᠎ᠠ ᠶᠢᠨ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠣᠯᠳᠠ ᠳᠡᠭᠡᠷ᠎ᠡ ᠨᠢᠭᠡᠳᠭᠡᠬᠦ ᠬᠡᠷᠡᠭᠳᠡᠢ᠃ ᠲᠦᠪ ᠤᠨ ᠳᠣᠭᠤᠷᠢᠨ ᠪᠠᠶᠢᠴᠠᠭᠠᠵᠣ ︽ᠡᠷᠬᠢᠨ ᠬᠠᠷᠠᠭᠰᠠᠨ︾ ᠪᠠᠶᠢᠳᠠᠯ ᠢ ᠬᠠᠷᠢᠭᠤ ᠲᠤᠰᠬᠠᠭᠰᠠᠨ ᠰᠠᠨᠠᠯ ᠶᠤᠰᠤᠭᠠᠷ ᠴᠡᠭᠴᠡᠯᠡᠨ ᠰᠠᠶᠢᠵᠢᠷᠠᠭᠤᠯᠬᠤ ᠠᠵᠢᠯ ᠲᠠᠢ ᠣᠶᠠᠯᠳᠣᠭᠤᠯᠵᠣ᠂ ᠣᠨᠢᠨ ᠳᠡᠭᠡᠷ᠎ᠡ ᠨᠢ ᠶᠠᠳᠠᠭᠤ ᠶᠢ ᠳᠡᠳᠭᠦᠵᠦ ᠣᠨᠢᠨ ᠳᠡᠭᠡᠷ᠎ᠡ ᠨᠢ ᠶᠠᠳᠠᠭᠤ ᠠᠴᠠ ᠠᠩᠭᠢᠵᠢᠷᠠᠭᠤᠯᠬᠤ ᠦᠨᠳᠦᠰᠦᠨ ᠠᠷᠭ᠎ᠠ ᠪᠣᠳᠣᠯᠭ᠎ᠠ ᠶᠢ ᠬᠢᠨᠠᠮᠠᠭᠠᠢ ᠳᠣᠣᠱᠯᠠᠭᠤᠯᠵᠣ᠂ ᠭᠤᠣᠯᠳᠠᠯᠭ᠎ᠠ ᠪᠣᠯᠣᠨ ᠬᠦᠴᠢᠷᠳᠡᠯ ᠢ ᠡᠵᠡᠮᠰᠢᠵᠦ᠂ ᠭᠠᠵᠠᠷ ᠣᠷᠣᠨ ᠤ ᠪᠠᠶᠢᠳᠠᠯ ᠳᠤᠨᠢ ᠳᠣᠬᠢᠷᠠᠭᠤᠯᠬᠤ ᠶᠢ ᠪᠠᠷᠢᠮᠳᠠᠯᠠᠵᠣ᠂ ᠪᠣᠭᠤᠮᠳᠠ ᠰᠢᠪᠳᠣᠯᠬᠤ ᠡᠷᠴᠢᠮ ᠢᠶᠠᠨ ᠴᠢᠩᠭᠠᠷᠠᠭᠤᠯᠵᠣ᠂ ᠵᠣᠬᠢᠶᠠᠨ ᠪᠠᠶᠢᠭᠤᠯᠣᠯᠳᠠ ᠶᠢᠨ ᠣᠳᠣᠷᠢᠳᠣᠯᠭ᠎ᠠ ᠪᠠᠨ ᠴᠢᠩᠭᠠᠳᠬᠠᠵᠣ᠂ ᠣᠨᠴᠠ ᠶᠠᠳᠠᠭᠤ ᠬᠦᠴᠢᠷᠳᠡᠯᠳᠠᠢ ᠭᠠᠵᠠᠷ ᠣᠷᠣᠨ ᠢ ᠶᠠᠳᠠᠭᠤ ᠠᠴᠠ ᠨᠢ ᠠᠩᠭᠢᠵᠢᠷᠠᠭᠤᠯᠬᠤ ᠪᠣᠭᠤᠮᠳᠠ ᠰᠢᠪᠳᠣᠯᠬᠤ ᠡᠨᠡᠬᠦ ᠬᠠᠳᠠᠭᠤ ᠳᠠᠶᠢᠯᠠᠯᠳᠣᠭᠠᠨ ᠤ ᠳᠣᠳᠣᠷᠠᠬᠢ ᠬᠠᠳᠠᠭᠤ ᠳᠠᠶᠢᠯᠠᠯᠳᠣᠭᠠᠨ ᠤ ᠢᠯᠠᠯᠳᠠ ᠶᠢ ᠵᠠᠪᠠᠯ ᠣᠯᠵᠣ᠂ ᠶᠠᠳᠠᠭᠤ ᠠᠴᠠ ᠠᠩᠭᠢᠵᠢᠷᠠᠭᠤᠯᠬᠤ ᠪᠣᠭᠤᠮᠳᠠ ᠰᠢᠪᠳᠣᠯᠬᠤ ᠬᠠᠷᠠᠯᠳᠠ ᠡᠭᠦᠷᠭᠡ ᠶᠢ ᠳᠣᠭᠳᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠦᠨᠡᠨᠬᠦ ᠪᠠᠳᠣᠯᠠᠬᠤ ᠬᠡᠷᠡᠭᠳᠡᠢ ᠭᠡᠵᠦ ᠵᠢᠭᠠᠵᠣ ᠭᠠᠷᠭᠠᠪᠠ᠃      ᠬᠤᠷᠠᠯ ᠠᠴᠠ᠂ ᠪᠦᠬᠦ ᠣᠷᠣᠨ ᠳᠠᠶᠠᠭᠠᠷ ᠢᠶᠠᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠢ ᠪᠠᠶᠠᠷᠯᠠᠨ ᠣᠭᠳᠣᠵᠣ᠂ ᠦᠪᠡᠷᠳᠡᠭᠡᠨ ᠵᠠᠰᠠᠬᠤ ᠣᠷᠣᠨ ᠪᠠᠶᠢᠭᠤᠯᠣᠭᠳᠠᠭᠰᠠᠨ 70 ᠵᠢᠯ ᠤᠨ ᠣᠢ ᠪᠠᠨ ᠪᠠᠶᠠᠷᠯᠠᠨ ᠪᠡᠯᠭᠡᠯᠡᠵᠦ ᠪᠠᠶᠢᠭ᠎ᠠ ᠴᠢᠬᠤᠯᠠ ᠴᠠᠭ ᠮᠦᠴᠡ ᠳᠤ᠂ ᠪᠦᠬᠦ ᠣᠯᠣᠰ ᠤᠨ ᠦᠨᠳᠦᠰᠦᠳᠡᠨ ᠤ ᠪᠦᠯᠬᠦᠮᠳᠡᠯ ᠳᠠᠪᠰᠢᠯᠳᠠ ᠶᠢ ᠡᠭᠦᠳᠦᠨ ᠪᠠᠶᠢᠭᠤᠯᠬᠤ ᠳᠣᠷᠰᠢᠯᠭ᠎ᠠ ᠰᠣᠯᠢᠯᠴᠠᠬᠤ ᠳᠣᠬᠠᠢ ᠶᠢᠨ ᠭᠠᠵᠠᠷ ᠤᠨ ᠬᠤᠷᠠᠯ ᠢ ᠮᠠᠨ ᠤ ᠣᠷᠣᠨ ᠳᠤ ᠬᠤᠷᠠᠯᠳᠣᠭᠤᠯᠤᠭᠰᠠᠨ ᠨᠢ᠂ ᠰᠢ ᠶᠢᠨ ᠫᠢᠩ ᠨᠦᠬᠦᠷ ᠢᠶᠠᠷ ᠭᠤᠣᠯ ᠪᠣᠯᠭᠠᠭᠰᠠᠨ ᠨᠠᠮ ᠤᠨ ᠲᠦᠪ ᠬᠤᠷᠢᠶ᠎ᠠ ᠦᠪᠦᠷ ᠮᠣᠩᠭᠤᠯ ᠢ ᠳᠡᠭᠡᠳᠦ ᠬᠡᠮᠵᠢᠶ᠎ᠡ ᠪᠠᠷ ᠬᠦᠨᠳᠦᠳᠭᠡᠵᠦ ᠪᠦᠬᠦ ᠣᠷᠣᠨ ᠤ ᠦᠨᠳᠦᠰᠦᠳᠡᠨ ᠨᠦᠭᠦᠳ ᠤᠨ ᠠᠷᠠᠳ ᠲᠦᠮᠡᠨ ᠎ ᠢ ᠳᠣᠳᠣᠨᠣ ᠪᠠᠷ ᠬᠠᠯᠠᠮᠵᠢᠯᠠᠵᠣ ᠪᠠᠶᠢᠭ᠎ᠠ ᠶᠢ ᠭᠦᠢᠴᠡᠳ ᠢᠯᠡᠷᠡᠭᠦᠯᠵᠦ ᠪᠠᠶᠢᠨ᠎ᠠ᠃ ᠶᠡᠷᠦᠩᠬᠡᠢ ᠱᠦᠵᠢ ᠰᠢ ᠶᠢᠨ ᠫᠢᠩ ᠎ ᠤᠨ ᠦᠨᠳᠦᠰᠦᠳᠡᠨ ᠤ ᠠᠵᠢᠯ᠂ ᠦᠨᠳᠦᠰᠦᠳᠡᠨ ᠤ ᠪᠦᠯᠬᠦᠮᠳᠡᠯ ᠳᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠤᠨ ᠳᠣᠬᠠᠢ ᠴᠢᠬᠤᠯᠠ ᠶᠠᠷᠢᠶ᠎ᠠ ᠴᠢᠬᠤᠯᠠ ᠵᠢᠭᠠᠪᠣᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠣᠷᠣᠯᠴᠠᠨ ᠣᠶᠢᠯᠠᠭᠠᠵᠣ᠂ ᠪᠦᠬᠦ ᠣᠯᠣᠰ ᠤᠨ ᠦᠨᠳᠦᠰᠦᠳᠡᠨ ᠤ ᠪᠦᠯᠬᠦᠮᠳᠡᠯ ᠳᠠᠪᠰᠢᠯᠳᠠ ᠶᠢ ᠡᠭᠦᠳᠦᠨ ᠪᠠᠶᠢᠭᠤᠯᠬᠤ ᠳᠣᠷᠰᠢᠯᠭ᠎ᠠ ᠰᠣᠯᠢᠯᠴᠠᠬᠤ ᠳᠣᠬᠠᠢ ᠶᠢᠨ ᠭᠠᠵᠠᠷ ᠤᠨ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠳᠣᠣᠱᠯᠠᠭᠤᠯᠣᠨ ᠨᠠᠶᠢᠳᠠᠪᠣᠷᠢᠵᠢᠭᠤᠯᠵᠣ᠂ ᠦᠨᠳᠦᠰᠦᠳᠡᠨ ᠤ ᠪᠦᠯᠬᠦᠮᠳᠡᠯ ᠳᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠢ ᠦᠷᠨᠢᠭᠦᠯᠬᠦ ᠶᠢᠨ ᠴᠢᠬᠤᠯᠠ ᠴᠢᠨᠠᠷ ᠎ ᠤᠨ ᠳᠣᠬᠠᠢ ᠳᠠᠨᠢᠯᠳᠠ ᠪᠠᠨ ᠴᠢᠨᠠᠭᠰᠢᠳᠠ ᠳᠡᠭᠡᠭᠰᠢᠯᠡᠭᠦᠯᠵᠦ᠂ ᠮᠠᠨ ᠤ ᠣᠷᠣᠨ ᠤ ᠦᠨᠳᠦᠰᠦᠳᠡᠨ ᠤ ᠪᠦᠯᠬᠦᠮᠳᠡᠯ ᠳᠠᠪᠰᠢᠯᠳᠠ ᠶᠢ ᠡᠭᠦᠳᠦᠨ ᠪᠠᠶᠢᠭᠤᠯᠣᠭᠰᠠᠨ ᠰᠠᠶᠢᠨ ᠳᠣᠷᠰᠢᠯᠭ᠎ᠠ ᠪᠣᠯᠣᠨ ᠰᠠᠶᠢᠨ ᠠᠷᠭ᠎ᠠ ᠬᠢᠳᠡᠯ ᠢ ᠭᠦᠨᠵᠡᠭᠡᠢ ᠠᠭᠤᠳᠠᠯᠵᠣ᠂ ᠲᠦᠪ ᠤᠨ ᠦᠨᠳᠦᠰᠦᠳᠡᠨ ᠤ ᠪᠦᠯᠬᠦᠮᠳᠡᠯ ᠳᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠢ ᠠᠬᠢᠭᠤᠯᠬᠤ ᠳᠣᠬᠠᠢ ᠪᠠᠶᠢᠷᠢᠯᠠᠭᠤᠯᠣᠯᠳᠠ ᠱᠠᠭᠠᠷᠳᠠᠯᠭ᠎ᠠ ᠶᠢ ᠪᠦᠬᠦ ᠳᠠᠯ᠎ᠠ ᠪᠠᠷ ᠨᠠᠶᠢᠳᠠᠪᠣᠷᠢᠵᠢᠭᠤᠯᠵᠣ᠂ ᠬᠠᠮᠳᠣᠪᠠᠷ ᠪᠠᠶᠢᠭᠤᠯᠣᠨ ᠬᠤᠯᠪᠣᠭᠠᠯᠠᠨ ᠬᠦᠳᠡᠯᠦᠯᠴᠡᠬᠦ ᠠᠵᠢᠯ ᠤᠨ ᠲᠦᠯᠦᠪ ᠪᠠᠶᠢᠳᠠᠯ ᠢ ᠪᠠᠶᠢᠭᠤᠯᠣᠨ ᠪᠦᠷᠢᠨᠰᠢᠭᠦᠯᠵᠦ᠂ ᠮᠠᠨ ᠤ ᠣᠷᠣᠨ ᠤ ᠦᠨᠳᠦᠰᠦᠳᠡᠨ ᠤ ᠪᠦᠯᠬᠦᠮᠳᠡᠯ ᠳᠠᠪᠰᠢᠯᠳᠠ ᠶᠢᠨ ᠦᠢᠯᠡᠰ ᠤᠨ ᠰᠢᠨ᠎ᠡ ᠪᠠᠶᠢᠳᠠᠯ ᠢ ᠴᠢᠷᠮᠠᠶᠢᠨ ᠨᠡᠭᠡᠭᠡᠬᠦ ᠬᠡᠷᠡᠭᠳᠡᠢ ᠭᠡᠵᠦ ᠵᠢᠭᠠᠵᠣ ᠭᠠᠷᠭᠠᠪᠠ᠃ ᠬᠤᠷᠠᠯ ᠠᠴᠠ᠂ ᠲᠦᠪ ᠤᠨ ᠲᠤᠭᠤᠷᠢᠨ ᠪᠠᠶᠢᠴᠠᠭᠠᠵᠤ ︽ᠡᠷᠬᠢᠨ ᠬᠠᠷᠠᠭᠰᠠᠨ︾ ᠪᠠᠶᠢᠳᠠᠯ ᠢ ᠬᠠᠷᠢᠭᠤ ᠲᠤᠰᠬᠠᠬᠰᠠᠨ ᠰᠠᠨᠠᠯ ᠶᠤᠰᠤᠭᠠᠷ ᠴᠡᠭᠴᠡᠯᠡᠨ ᠰᠠᠶᠢᠵᠢᠷᠠᠭᠤᠯᠤᠭᠰᠠᠨ ᠠᠵᠢᠯ  ᠤᠨ ᠠᠬᠢᠴᠠ ᠶᠢᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠳᠡ ᠶᠢ ᠰᠤᠨᠤᠰᠪᠠ᠃ ᠬᠤᠷᠠᠯ ᠠᠴᠠ᠂ ᠲᠤᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠳᠤᠷ ᠠᠳᠬᠤᠬᠤ ᠪᠤᠯ ᠡᠷᠬᠡᠪᠰᠢ ᠡᠷᠡᠰ ᠰᠢᠭᠤᠷᠬᠠᠢ ᠪᠠᠷ ᠪᠠᠶᠡᠯᠡᠭᠦᠯᠭᠦ ᠴᠢᠬᠤᠯᠠ ᠤᠯᠤᠰ ᠲᠦᠷᠦ ᠶᠢᠨ ᠡᠭᠦᠷᠭᠡ ᠪᠤᠯᠤᠨ᠎ᠠ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠴᠡᠭᠴᠡᠯᠡᠨ ᠰᠠᠶᠢᠵᠢᠷᠠᠭᠤᠯᠬᠤ ᠠᠵᠢᠯ ᠢ ᠤᠳᠤᠷᠢᠳᠬᠤ ᠲᠤᠭᠤᠶᠢᠯᠠᠩ ᠵᠢᠴᠢ ᠬᠠᠮᠢᠶ᠎ᠠ ᠪᠦᠬᠦᠢ ᠰᠠᠯᠠᠭ᠎ᠠ ᠮᠦᠴᠢᠷ ᠴᠡᠭᠴᠡᠯᠡᠨ ᠰᠠᠶᠢᠵᠢᠷᠠᠭᠤᠯᠬᠤ ᠶᠡᠷᠦᠩᠬᠡᠢ ᠲᠦᠰᠦᠯ ᠪᠠ ᠲᠤᠰᠬᠠᠢ ᠲᠦᠰᠦᠯ ᠲᠠᠢ ᠬᠠᠷᠢᠴᠠᠭᠤᠯᠵᠤ᠂ ᠨᠢᠭᠡ ᠲᠦᠷᠦᠯ ᠨᠢᠭᠡ ᠲᠦᠷᠦᠯ ᠢᠶᠠᠷ ᠨᠢ ᠰᠣᠯᠠᠷᠠᠭᠤᠯᠣᠯ ᠦᠭᠡᠢ ᠠᠳᠬᠤᠵᠣ᠂ ᠨᠢᠭᠡ ᠠᠯᠬᠤᠮ ᠨᠢᠭᠡ ᠠᠯᠬᠤᠮ ᠢᠶᠠᠷ ᠬᠦᠴᠦᠯᠡᠨ ᠠᠬᠢᠭᠤᠯᠵᠤ᠂ ᠡᠯ᠎ᠠ ᠵᠦᠢᠯ ᠤᠨ ᠱᠠᠳᠤᠴᠢ ᠴᠢᠨᠠᠷᠳᠠᠢ ᠬᠠᠷᠠᠯᠳᠠ ᠡᠭᠦᠷᠭᠡ ᠶᠢ ᠲᠤᠬᠳᠠᠭᠰᠠᠨ ᠴᠠᠭ ᠲᠤᠨᠢ ᠪᠡᠶᠡᠯᠡᠭᠦᠯᠭᠦ ᠬᠡᠷᠡᠭᠳᠡᠢ᠃ ᠡᠯ᠎ᠠ ᠲᠤᠰᠬᠠᠢ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠲᠠᠭᠠᠭᠤᠯᠤᠨ ᠭᠦᠢᠴᠡᠳᠭᠡᠬᠦ ᠤᠳᠤᠷᠢᠳᠤᠯᠭ᠎ᠠ᠂ ᠲᠠᠭᠠᠭᠤᠯᠤᠨ ᠭᠦᠢᠴᠡᠳᠭᠡᠬᠦ ᠰᠠᠯᠠᠭ᠎ᠠ ᠮᠦᠴᠢᠷ ᠪᠠ ᠬᠠᠷᠢᠭᠤᠴᠠᠯᠭᠠᠳᠦ ᠰᠠᠯᠠᠭ᠎ᠠ ᠮᠦᠴᠢᠷ ᠤᠨ ᠬᠢᠨ ᠲᠤᠰᠬᠠᠢ ᠴᠡᠭᠴᠡᠯᠡᠨ ᠰᠠᠶᠢᠵᠢᠷᠠᠭᠤᠯᠬᠤ ᠲᠦᠰᠦᠯ ᠢ ᠨᠡᠶᠢᠳᠡᠪᠦᠷᠢᠵᠢᠭᠤᠯᠬᠤ ᠶᠢ ᠯᠠᠪᠳᠠᠭᠤᠨ ᠪᠠᠳᠤᠳᠠᠢ ᠰᠠᠶᠢᠳᠤᠷ ᠠᠳᠬᠤᠵᠤ᠂ ᠲᠤᠰᠬᠠᠢ ᠴᠡᠭᠴᠡᠯᠡᠨ ᠰᠠᠶᠢᠵᠢᠷᠠᠭᠤᠯᠬᠤ ᠠᠵᠢᠯ ᠢ ᠪᠦᠬᠦ ᠲᠠᠯ᠎ᠠ ᠪᠠᠷ ᠠᠬᠢᠭᠤᠯᠬᠤ ᠬᠡᠷᠡᠭᠳᠡᠢ᠃ ᠡᠯ᠎ᠠ ᠱᠠᠳᠤ ᠡᠯ᠎ᠠ ᠰᠠᠯᠠᠭ᠎ᠠ ᠮᠦᠴᠢᠷ ᠤᠨ ᠬᠢᠨ ᠦᠪᠡᠷᠳᠡᠭᠡᠨ ᠵᠠᠰᠬᠠᠤ ᠤᠷᠤᠨ ᠤ ᠨᠠᠮ ᠤᠨ ᠬᠤᠷᠢᠶ᠎ᠠ ᠶᠢᠨ ᠨᠢᠭᠡᠳᠦᠯᠳᠡᠢ ᠪᠠᠶᠢᠷᠢᠯᠠᠭᠤᠯᠤᠯᠳᠠ ᠶᠤᠰᠤᠭᠠᠷ᠂ ᠲᠤᠰ ᠭᠠᠵᠠᠷ ᠤᠷᠤᠨ ᠲᠤᠰ ᠰᠠᠯᠠᠭ᠎ᠠ ᠮᠦᠴᠢᠷ ᠤᠨ ᠢᠶᠠᠨ ᠴᠡᠭᠴᠡᠯᠡᠨ ᠰᠠᠶᠢᠵᠢᠷᠠᠭᠤᠯᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠳᠤᠷ ᠠᠳᠬᠤᠵᠤ᠂ ᠲᠤᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠲᠠᠰᠤᠷᠠᠯᠳᠠ ᠦᠭᠡᠢ ᠬᠦᠨᠵᠡᠭᠡᠶᠢᠷᠡᠨ ᠬᠦᠭᠵᠢᠭᠦ ᠶᠢ ᠠᠬᠢᠭᠤᠯᠬᠤ ᠬᠡᠷᠡᠭᠳᠡᠢ ᠬᠡᠵᠤ ᠴᠢᠬᠤᠯᠠᠴᠢᠯᠠᠵᠠᠢ᠃      ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号