6 ᠳ᠋ᠤᠭᠠᠷ ᠰᠠᠷ᠎ᠠ ᠶᠢᠨ 29 ᠤ ᠦᠳᠡ ᠶᠢᠨ ᠡᠮᠦᠨ᠎ᠡ᠂ ᠦᠪᠡᠷᠳᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ | ᠪᠠᠶᠢᠩᠭᠤ ᠶᠢᠨ ᠬᠤᠷᠢᠶ᠎ᠠ ᠶᠢᠨ ᠬᠤᠷᠠᠯ ᠬᠢᠵᠦ᠂ ᠶᠡᠷᠦᠩᠬᠡᠢ ᠱᠦᠵᠢ ᠰᠢ ᠶᠢᠨ ᠫᠢᠩ ᠤᠨ ᠣᠨᠴᠠ ᠶᠠᠳᠠᠭᠤ | ᠬᠦᠴᠢᠷᠳᠡᠯᠳᠠᠢ ᠭᠠᠵᠠᠷ ᠣᠷᠣᠨ ᠢ ᠶᠠᠳᠠᠭᠤ ᠠᠴᠠ ᠠᠩᠭᠢᠵᠢᠷᠠᠭᠤᠯᠬᠤ ᠪᠣᠭᠤᠮᠳᠠ ᠰᠢᠪᠳᠣᠯᠬᠤ ᠶᠠᠷᠢᠯᠴᠠᠬᠤ ᠬᠤᠷᠠᠯ | ᠳᠡᠭᠡᠷᠡᠬᠢ ᠴᠢᠬᠤᠯᠠ ᠶᠠᠷᠢᠶ᠎ᠠ ᠶᠢ ᠣᠯᠠᠮᠵᠢᠯᠠᠨ ᠰᠣᠷᠣᠯᠴᠠᠵᠣ᠂ ᠯᠢᠦ ᠶᠠᠨ ᠳ᠋ᠦᠩ ᠨᠦᠬᠦᠷ ᠤᠨ ᠪᠦᠬᠦ ᠣᠯᠣᠰ ᠤᠨ | ᠦᠨᠳᠦᠰᠦᠳᠡᠨ ᠤ ᠪᠦᠯᠬᠦᠮᠳᠡᠯ ᠳᠠᠪᠰᠢᠯᠳᠠ ᠶᠢ ᠡᠭᠦᠳᠦᠨ ᠪᠠᠶᠢᠭᠤᠯᠬᠤ ᠳᠣᠷᠰᠢᠯᠭ᠎ᠠ ᠰᠣᠯᠢᠯᠴᠠᠬᠤ ᠳᠣᠬᠠᠢ ᠶᠢᠨ | ᠭᠠᠵᠠᠷ ᠤᠨ ᠬᠤᠷᠠᠯ ᠳᠡᠭᠡᠷᠡᠬᠢ ᠶᠠᠷᠢᠶ᠎ᠠ ᠶᠢ ᠣᠯᠠᠮᠵᠢᠯᠠᠨ ᠰᠣᠷᠣᠯᠴᠠᠵᠣ᠂ ᠮᠠᠨ ᠤ ᠣᠷᠣᠨ ᠤ ᠳᠣᠣᠱᠯᠠᠭᠤᠯᠣᠨ | ᠨᠠᠶᠢᠳᠠᠪᠣᠷᠢᠵᠢᠭᠤᠯᠬᠤ ᠰᠠᠨᠠᠯ ᠢ ᠰᠣᠳᠣᠯᠪᠠ᠃ ᠦᠪᠡᠷᠳᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ᠂ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠾᠧᠩ | ᠬᠤᠷᠠᠯ ᠡᠷᠬᠢᠯᠡᠪᠡ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠣᠨᠴᠠ ᠶᠠᠳᠠᠭᠤ ᠬᠦᠴᠢᠷᠳᠡᠯᠳᠠᠢ ᠭᠠᠵᠠᠷ ᠣᠷᠣᠨ ᠢ | ᠶᠠᠳᠠᠭᠤ ᠠᠴᠠ ᠠᠩᠭᠢᠵᠢᠷᠠᠭᠤᠯᠬᠤ ᠪᠣᠭᠤᠮᠳᠠ ᠰᠢᠪᠳᠣᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶ᠎ᠠ ᠨᠢ᠂ | ᠦᠵᠡᠯ ᠰᠠᠨᠠᠭ᠎ᠠ ᠭᠦᠨ ᠭᠦᠨᠵᠡᠭᠡᠢ᠂ ᠳᠣᠳᠣᠭᠠᠳᠣ ᠠᠭᠤᠯᠣᠭᠳᠠᠬᠤᠨ ᠪᠠᠶᠠᠯᠢᠭ ᠪᠣᠯᠵᠣ᠂ ᠠᠷᠠᠳ ᠲᠦᠮᠡᠨ ᠢᠶᠠᠷ | ᠭᠤᠣᠯ ᠪᠣᠯᠭᠠᠬᠤ ᠬᠦᠭᠵᠢᠯᠳᠡ ᠶᠢᠨ ᠦᠵᠡᠯ ᠰᠠᠨᠠᠭ᠎ᠠ ᠶᠢ ᠭᠦᠢᠴᠡᠳ ᠢᠯᠡᠷᠡᠭᠦᠯᠵᠦ᠂ ᠶᠠᠳᠠᠭᠤ ᠬᠦᠴᠢᠷᠳᠡᠯᠳᠠᠢ ᠣᠯᠠᠨ | ᠲᠦᠮᠡᠨ ᠲᠠᠢ ᠰᠡᠳᠬᠢᠯ ᠵᠢᠷᠦᠬᠡ ᠪᠠᠨ ᠬᠤᠯᠪᠣᠬᠤ ᠠᠷᠠᠳ ᠢᠶᠠᠨ ᠬᠠᠶᠢᠷᠠᠯᠠᠬᠤ ᠰᠡᠳᠬᠢᠯᠭᠡ ᠶᠢ ᠭᠦᠢᠴᠡᠳ ᠢᠯᠡᠷᠡᠭᠦᠯᠵᠦ᠂ | ᠪᠣᠰᠣᠳᠴᠢ ᠵᠢᠮ᠎ᠡ ᠶᠣᠰᠣ ᠶᠢ ᠬᠦᠨᠳᠦᠳᠭᠡᠬᠦ᠂ ᠦᠨᠡᠨ ᠠᠴᠠ ᠵᠦᠪ ᠢ ᠡᠷᠢᠬᠦ ᠵᠣᠷᠢᠭ ᠰᠠᠨᠠᠭ᠎ᠠ ᠶᠢ ᠭᠦᠢᠴᠡᠳ | ᠢᠯᠡᠷᠡᠭᠦᠯᠵᠦ᠂ ᠪᠢᠳᠡᠡ ᠣᠨᠴᠠ ᠶᠠᠳᠠᠭᠤ ᠬᠦᠴᠢᠷᠳᠡᠯᠳᠠᠢ ᠪᠠᠶᠢᠬᠤ ᠪᠠᠬᠢᠯᠡᠯᠳᠡ ᠶᠢ ᠡᠪᠳᠡᠵᠦ᠂ ᠶᠠᠳᠠᠭᠤ ᠠᠴᠠ | ᠠᠩᠭᠢᠵᠢᠷᠠᠭᠤᠯᠬᠤ ᠪᠣᠭᠤᠮᠳᠠ ᠰᠢᠪᠳᠣᠯᠬᠤ ᠳᠠᠶᠢᠯᠠᠯᠳᠣᠭᠠᠨ ᠳᠤ ᠢᠯᠠᠯᠳᠠ ᠣᠯᠬᠤ ᠳᠤ ᠦᠵᠡᠯ ᠰᠠᠨᠠᠭᠠᠨ ᠤ | ᠵᠢᠯᠣᠭᠤᠳᠣᠯᠭ᠎ᠠ ᠪᠣᠯᠣᠨ ᠠᠵᠢᠯᠯᠠᠭᠠᠨ ᠤ ᠵᠦᠭᠯᠡᠭᠦᠷ ᠬᠠᠩᠭᠠᠵᠠᠢ᠃ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ | ᠶᠠᠷᠢᠶ᠎ᠠ ᠶᠢᠨ ᠵᠣᠷᠢᠭ ᠰᠠᠨᠠᠭ᠎ᠠ ᠶᠢ ᠭᠦᠨᠵᠡᠭᠡᠢ ᠰᠣᠷᠣᠯᠴᠠᠨ ᠳᠣᠣᠱᠯᠠᠭᠤᠯᠵᠣ᠂ ᠶᠡᠷᠦᠩᠬᠡᠢ ᠱᠦᠵᠢ ᠰᠢ ᠶᠢᠨ ᠫᠢᠩ ᠤᠨ | ᠶᠠᠳᠠᠭᠤ ᠠᠴᠠ ᠠᠩᠭᠢᠵᠢᠷᠠᠭᠤᠯᠬᠤ ᠪᠣᠭᠤᠮᠳᠠ ᠰᠢᠪᠳᠣᠯᠬᠤ ᠳᠣᠬᠠᠢ ᠴᠢᠬᠤᠯᠠ ᠶᠠᠷᠢᠶ᠎ᠠ ᠴᠢᠬᠤᠯᠠ ᠵᠢᠭᠠᠪᠣᠷᠢ ᠨᠤᠭᠤᠳ | ᠤᠨ ᠵᠣᠷᠢᠭ ᠰᠠᠨᠠᠭ᠎ᠠ ᠶᠢ ᠰᠣᠷᠣᠯᠴᠠᠨ ᠳᠣᠣᠱᠯᠠᠭᠤᠯᠬᠤ ᠲᠠᠢ ᠣᠶᠠᠯᠳᠣᠭᠤᠯᠵᠣ᠂ ᠰᠢᠰᠲ᠋ᠧᠮ ᠲᠠᠢ ᠣᠶᠢᠯᠠᠭᠠᠨ᠂ ᠪᠦᠬᠦ | ᠳᠠᠯ᠎ᠠ ᠪᠠᠷ ᠡᠵᠡᠮᠰᠢᠵᠦ᠂ ᠦᠵᠡᠯ ᠰᠠᠨᠠᠭ᠎ᠠ ᠪᠣᠯᠣᠨ ᠦᠢᠯᠡ ᠠᠵᠢᠯᠯᠠᠭ᠎ᠠ ᠪᠠᠨ ᠴᠢᠨᠠᠭᠰᠢᠳᠠ ᠨᠠᠮ ᠤᠨ ᠲᠦᠪ | ᠬᠤᠷᠢᠶ᠎ᠠ ᠶᠢᠨ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠣᠯᠳᠠ ᠳᠡᠭᠡᠷ᠎ᠡ ᠨᠢᠭᠡᠳᠭᠡᠬᠦ ᠬᠡᠷᠡᠭᠳᠡᠢ᠃ ᠲᠦᠪ ᠤᠨ | ᠳᠣᠭᠤᠷᠢᠨ ᠪᠠᠶᠢᠴᠠᠭᠠᠵᠣ ︽ᠡᠷᠬᠢᠨ ᠬᠠᠷᠠᠭᠰᠠᠨ︾ ᠪᠠᠶᠢᠳᠠᠯ ᠢ ᠬᠠᠷᠢᠭᠤ ᠲᠤᠰᠬᠠᠭᠰᠠᠨ ᠰᠠᠨᠠᠯ ᠶᠤᠰᠤᠭᠠᠷ ᠴᠡᠭᠴᠡᠯᠡᠨ | ᠰᠠᠶᠢᠵᠢᠷᠠᠭᠤᠯᠬᠤ ᠠᠵᠢᠯ ᠲᠠᠢ ᠣᠶᠠᠯᠳᠣᠭᠤᠯᠵᠣ᠂ ᠣᠨᠢᠨ ᠳᠡᠭᠡᠷ᠎ᠡ ᠨᠢ ᠶᠠᠳᠠᠭᠤ ᠶᠢ ᠳᠡᠳᠭᠦᠵᠦ ᠣᠨᠢᠨ ᠳᠡᠭᠡᠷ᠎ᠡ ᠨᠢ | ᠶᠠᠳᠠᠭᠤ ᠠᠴᠠ ᠠᠩᠭᠢᠵᠢᠷᠠᠭᠤᠯᠬᠤ ᠦᠨᠳᠦᠰᠦᠨ ᠠᠷᠭ᠎ᠠ ᠪᠣᠳᠣᠯᠭ᠎ᠠ ᠶᠢ ᠬᠢᠨᠠᠮᠠᠭᠠᠢ ᠳᠣᠣᠱᠯᠠᠭᠤᠯᠵᠣ᠂ ᠭᠤᠣᠯᠳᠠᠯᠭ᠎ᠠ | ᠪᠣᠯᠣᠨ ᠬᠦᠴᠢᠷᠳᠡᠯ ᠢ ᠡᠵᠡᠮᠰᠢᠵᠦ᠂ ᠭᠠᠵᠠᠷ ᠣᠷᠣᠨ ᠤ ᠪᠠᠶᠢᠳᠠᠯ ᠳᠤᠨᠢ ᠳᠣᠬᠢᠷᠠᠭᠤᠯᠬᠤ ᠶᠢ ᠪᠠᠷᠢᠮᠳᠠᠯᠠᠵᠣ᠂ | ᠪᠣᠭᠤᠮᠳᠠ ᠰᠢᠪᠳᠣᠯᠬᠤ ᠡᠷᠴᠢᠮ ᠢᠶᠠᠨ ᠴᠢᠩᠭᠠᠷᠠᠭᠤᠯᠵᠣ᠂ ᠵᠣᠬᠢᠶᠠᠨ ᠪᠠᠶᠢᠭᠤᠯᠣᠯᠳᠠ ᠶᠢᠨ ᠣᠳᠣᠷᠢᠳᠣᠯᠭ᠎ᠠ ᠪᠠᠨ | ᠴᠢᠩᠭᠠᠳᠬᠠᠵᠣ᠂ ᠣᠨᠴᠠ ᠶᠠᠳᠠᠭᠤ ᠬᠦᠴᠢᠷᠳᠡᠯᠳᠠᠢ ᠭᠠᠵᠠᠷ ᠣᠷᠣᠨ ᠢ ᠶᠠᠳᠠᠭᠤ ᠠᠴᠠ ᠨᠢ ᠠᠩᠭᠢᠵᠢᠷᠠᠭᠤᠯᠬᠤ | ᠪᠣᠭᠤᠮᠳᠠ ᠰᠢᠪᠳᠣᠯᠬᠤ ᠡᠨᠡᠬᠦ ᠬᠠᠳᠠᠭᠤ ᠳᠠᠶᠢᠯᠠᠯᠳᠣᠭᠠᠨ ᠤ ᠳᠣᠳᠣᠷᠠᠬᠢ ᠬᠠᠳᠠᠭᠤ ᠳᠠᠶᠢᠯᠠᠯᠳᠣᠭᠠᠨ ᠤ ᠢᠯᠠᠯᠳᠠ ᠶᠢ | ᠵᠠᠪᠠᠯ ᠣᠯᠵᠣ᠂ ᠶᠠᠳᠠᠭᠤ ᠠᠴᠠ ᠠᠩᠭᠢᠵᠢᠷᠠᠭᠤᠯᠬᠤ ᠪᠣᠭᠤᠮᠳᠠ ᠰᠢᠪᠳᠣᠯᠬᠤ ᠬᠠᠷᠠᠯᠳᠠ ᠡᠭᠦᠷᠭᠡ ᠶᠢ ᠳᠣᠭᠳᠠᠭᠰᠠᠨ | ᠬᠤᠭᠤᠴᠠᠭᠠᠨ ᠳᠤ ᠪᠡᠶᠡᠯᠡᠭᠦᠯᠬᠦ ᠶᠢ ᠦᠨᠡᠨᠬᠦ ᠪᠠᠳᠣᠯᠠᠬᠤ ᠬᠡᠷᠡᠭᠳᠡᠢ ᠭᠡᠵᠦ ᠵᠢᠭᠠᠵᠣ ᠭᠠᠷᠭᠠᠪᠠ᠃ | ᠬᠤᠷᠠᠯ ᠠᠴᠠ᠂ ᠪᠦᠬᠦ ᠣᠷᠣᠨ ᠳᠠᠶᠠᠭᠠᠷ ᠢᠶᠠᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠢ ᠪᠠᠶᠠᠷᠯᠠᠨ | ᠣᠭᠳᠣᠵᠣ᠂ ᠦᠪᠡᠷᠳᠡᠭᠡᠨ ᠵᠠᠰᠠᠬᠤ ᠣᠷᠣᠨ ᠪᠠᠶᠢᠭᠤᠯᠣᠭᠳᠠᠭᠰᠠᠨ 70 ᠵᠢᠯ ᠤᠨ ᠣᠢ ᠪᠠᠨ ᠪᠠᠶᠠᠷᠯᠠᠨ ᠪᠡᠯᠭᠡᠯᠡᠵᠦ | ᠪᠠᠶᠢᠭ᠎ᠠ ᠴᠢᠬᠤᠯᠠ ᠴᠠᠭ ᠮᠦᠴᠡ ᠳᠤ᠂ ᠪᠦᠬᠦ ᠣᠯᠣᠰ ᠤᠨ ᠦᠨᠳᠦᠰᠦᠳᠡᠨ ᠤ ᠪᠦᠯᠬᠦᠮᠳᠡᠯ ᠳᠠᠪᠰᠢᠯᠳᠠ ᠶᠢ ᠡᠭᠦᠳᠦᠨ | ᠪᠠᠶᠢᠭᠤᠯᠬᠤ ᠳᠣᠷᠰᠢᠯᠭ᠎ᠠ ᠰᠣᠯᠢᠯᠴᠠᠬᠤ ᠳᠣᠬᠠᠢ ᠶᠢᠨ ᠭᠠᠵᠠᠷ ᠤᠨ ᠬᠤᠷᠠᠯ ᠢ ᠮᠠᠨ ᠤ ᠣᠷᠣᠨ ᠳᠤ | ᠬᠤᠷᠠᠯᠳᠣᠭᠤᠯᠤᠭᠰᠠᠨ ᠨᠢ᠂ ᠰᠢ ᠶᠢᠨ ᠫᠢᠩ ᠨᠦᠬᠦᠷ ᠢᠶᠠᠷ ᠭᠤᠣᠯ ᠪᠣᠯᠭᠠᠭᠰᠠᠨ ᠨᠠᠮ ᠤᠨ ᠲᠦᠪ ᠬᠤᠷᠢᠶ᠎ᠠ ᠦᠪᠦᠷ | ᠮᠣᠩᠭᠤᠯ ᠢ ᠳᠡᠭᠡᠳᠦ ᠬᠡᠮᠵᠢᠶ᠎ᠡ ᠪᠠᠷ ᠬᠦᠨᠳᠦᠳᠭᠡᠵᠦ ᠪᠦᠬᠦ ᠣᠷᠣᠨ ᠤ ᠦᠨᠳᠦᠰᠦᠳᠡᠨ ᠨᠦᠭᠦᠳ ᠤᠨ ᠠᠷᠠᠳ ᠲᠦᠮᠡᠨ | ᠢ ᠳᠣᠳᠣᠨᠣ ᠪᠠᠷ ᠬᠠᠯᠠᠮᠵᠢᠯᠠᠵᠣ ᠪᠠᠶᠢᠭ᠎ᠠ ᠶᠢ ᠭᠦᠢᠴᠡᠳ ᠢᠯᠡᠷᠡᠭᠦᠯᠵᠦ ᠪᠠᠶᠢᠨ᠎ᠠ᠃ ᠶᠡᠷᠦᠩᠬᠡᠢ ᠱᠦᠵᠢ ᠰᠢ ᠶᠢᠨ ᠫᠢᠩ | ᠤᠨ ᠦᠨᠳᠦᠰᠦᠳᠡᠨ ᠤ ᠠᠵᠢᠯ᠂ ᠦᠨᠳᠦᠰᠦᠳᠡᠨ ᠤ ᠪᠦᠯᠬᠦᠮᠳᠡᠯ ᠳᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠤᠨ | ᠳᠣᠬᠠᠢ ᠴᠢᠬᠤᠯᠠ ᠶᠠᠷᠢᠶ᠎ᠠ ᠴᠢᠬᠤᠯᠠ ᠵᠢᠭᠠᠪᠣᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠣᠷᠣᠯᠴᠠᠨ ᠣᠶᠢᠯᠠᠭᠠᠵᠣ᠂ | ᠪᠦᠬᠦ ᠣᠯᠣᠰ ᠤᠨ ᠦᠨᠳᠦᠰᠦᠳᠡᠨ ᠤ ᠪᠦᠯᠬᠦᠮᠳᠡᠯ ᠳᠠᠪᠰᠢᠯᠳᠠ ᠶᠢ ᠡᠭᠦᠳᠦᠨ ᠪᠠᠶᠢᠭᠤᠯᠬᠤ ᠳᠣᠷᠰᠢᠯᠭ᠎ᠠ ᠰᠣᠯᠢᠯᠴᠠᠬᠤ | ᠳᠣᠬᠠᠢ ᠶᠢᠨ ᠭᠠᠵᠠᠷ ᠤᠨ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠳᠣᠣᠱᠯᠠᠭᠤᠯᠣᠨ ᠨᠠᠶᠢᠳᠠᠪᠣᠷᠢᠵᠢᠭᠤᠯᠵᠣ᠂ | ᠦᠨᠳᠦᠰᠦᠳᠡᠨ ᠤ ᠪᠦᠯᠬᠦᠮᠳᠡᠯ ᠳᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠢ ᠦᠷᠨᠢᠭᠦᠯᠬᠦ ᠶᠢᠨ ᠴᠢᠬᠤᠯᠠ ᠴᠢᠨᠠᠷ | ᠤᠨ ᠳᠣᠬᠠᠢ ᠳᠠᠨᠢᠯᠳᠠ ᠪᠠᠨ ᠴᠢᠨᠠᠭᠰᠢᠳᠠ ᠳᠡᠭᠡᠭᠰᠢᠯᠡᠭᠦᠯᠵᠦ᠂ ᠮᠠᠨ ᠤ ᠣᠷᠣᠨ ᠤ ᠦᠨᠳᠦᠰᠦᠳᠡᠨ ᠤ ᠪᠦᠯᠬᠦᠮᠳᠡᠯ | ᠳᠠᠪᠰᠢᠯᠳᠠ ᠶᠢ ᠡᠭᠦᠳᠦᠨ ᠪᠠᠶᠢᠭᠤᠯᠣᠭᠰᠠᠨ ᠰᠠᠶᠢᠨ ᠳᠣᠷᠰᠢᠯᠭ᠎ᠠ ᠪᠣᠯᠣᠨ ᠰᠠᠶᠢᠨ ᠠᠷᠭ᠎ᠠ ᠬᠢᠳᠡᠯ ᠢ ᠭᠦᠨᠵᠡᠭᠡᠢ | ᠠᠭᠤᠳᠠᠯᠵᠣ᠂ ᠲᠦᠪ ᠤᠨ ᠦᠨᠳᠦᠰᠦᠳᠡᠨ ᠤ ᠪᠦᠯᠬᠦᠮᠳᠡᠯ ᠳᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠢ | ᠠᠬᠢᠭᠤᠯᠬᠤ ᠳᠣᠬᠠᠢ ᠪᠠᠶᠢᠷᠢᠯᠠᠭᠤᠯᠣᠯᠳᠠ ᠱᠠᠭᠠᠷᠳᠠᠯᠭ᠎ᠠ ᠶᠢ ᠪᠦᠬᠦ ᠳᠠᠯ᠎ᠠ ᠪᠠᠷ ᠨᠠᠶᠢᠳᠠᠪᠣᠷᠢᠵᠢᠭᠤᠯᠵᠣ᠂ ᠬᠠᠮᠳᠣᠪᠠᠷ | ᠪᠠᠶᠢᠭᠤᠯᠣᠨ ᠬᠤᠯᠪᠣᠭᠠᠯᠠᠨ ᠬᠦᠳᠡᠯᠦᠯᠴᠡᠬᠦ ᠠᠵᠢᠯ ᠤᠨ ᠲᠦᠯᠦᠪ ᠪᠠᠶᠢᠳᠠᠯ ᠢ ᠪᠠᠶᠢᠭᠤᠯᠣᠨ ᠪᠦᠷᠢᠨᠰᠢᠭᠦᠯᠵᠦ᠂ ᠮᠠᠨ ᠤ | ᠣᠷᠣᠨ ᠤ ᠦᠨᠳᠦᠰᠦᠳᠡᠨ ᠤ ᠪᠦᠯᠬᠦᠮᠳᠡᠯ ᠳᠠᠪᠰᠢᠯᠳᠠ ᠶᠢᠨ ᠦᠢᠯᠡᠰ ᠤᠨ ᠰᠢᠨ᠎ᠡ ᠪᠠᠶᠢᠳᠠᠯ ᠢ ᠴᠢᠷᠮᠠᠶᠢᠨ ᠨᠡᠭᠡᠭᠡᠬᠦ | ᠬᠡᠷᠡᠭᠳᠡᠢ ᠭᠡᠵᠦ ᠵᠢᠭᠠᠵᠣ ᠭᠠᠷᠭᠠᠪᠠ᠃ ᠬᠤᠷᠠᠯ ᠠᠴᠠ᠂ ᠲᠦᠪ ᠤᠨ ᠲᠤᠭᠤᠷᠢᠨ ᠪᠠᠶᠢᠴᠠᠭᠠᠵᠤ ︽ᠡᠷᠬᠢᠨ ᠬᠠᠷᠠᠭᠰᠠᠨ︾ | ᠪᠠᠶᠢᠳᠠᠯ ᠢ ᠬᠠᠷᠢᠭᠤ ᠲᠤᠰᠬᠠᠬᠰᠠᠨ ᠰᠠᠨᠠᠯ ᠶᠤᠰᠤᠭᠠᠷ ᠴᠡᠭᠴᠡᠯᠡᠨ ᠰᠠᠶᠢᠵᠢᠷᠠᠭᠤᠯᠤᠭᠰᠠᠨ ᠠᠵᠢᠯ ᠤᠨ ᠠᠬᠢᠴᠠ ᠶᠢᠨ | ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠳᠡ ᠶᠢ ᠰᠤᠨᠤᠰᠪᠠ᠃ ᠬᠤᠷᠠᠯ ᠠᠴᠠ᠂ ᠲᠤᠭᠤᠷᠢᠨ ᠪᠠᠶᠢᠴᠠᠭᠠᠵᠤ | ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠳᠤᠷ ᠠᠳᠬᠤᠬᠤ ᠪᠤᠯ ᠡᠷᠬᠡᠪᠰᠢ ᠡᠷᠡᠰ ᠰᠢᠭᠤᠷᠬᠠᠢ ᠪᠠᠷ ᠪᠠᠶᠡᠯᠡᠭᠦᠯᠭᠦ | ᠴᠢᠬᠤᠯᠠ ᠤᠯᠤᠰ ᠲᠦᠷᠦ ᠶᠢᠨ ᠡᠭᠦᠷᠭᠡ ᠪᠤᠯᠤᠨ᠎ᠠ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ | ᠴᠡᠭᠴᠡᠯᠡᠨ ᠰᠠᠶᠢᠵᠢᠷᠠᠭᠤᠯᠬᠤ ᠠᠵᠢᠯ ᠢ ᠤᠳᠤᠷᠢᠳᠬᠤ ᠲᠤᠭᠤᠶᠢᠯᠠᠩ ᠵᠢᠴᠢ ᠬᠠᠮᠢᠶ᠎ᠠ ᠪᠦᠬᠦᠢ ᠰᠠᠯᠠᠭ᠎ᠠ ᠮᠦᠴᠢᠷ | ᠴᠡᠭᠴᠡᠯᠡᠨ ᠰᠠᠶᠢᠵᠢᠷᠠᠭᠤᠯᠬᠤ ᠶᠡᠷᠦᠩᠬᠡᠢ ᠲᠦᠰᠦᠯ ᠪᠠ ᠲᠤᠰᠬᠠᠢ ᠲᠦᠰᠦᠯ ᠲᠠᠢ ᠬᠠᠷᠢᠴᠠᠭᠤᠯᠵᠤ᠂ ᠨᠢᠭᠡ ᠲᠦᠷᠦᠯ | ᠨᠢᠭᠡ ᠲᠦᠷᠦᠯ ᠢᠶᠠᠷ ᠨᠢ ᠰᠣᠯᠠᠷᠠᠭᠤᠯᠣᠯ ᠦᠭᠡᠢ ᠠᠳᠬᠤᠵᠣ᠂ ᠨᠢᠭᠡ ᠠᠯᠬᠤᠮ ᠨᠢᠭᠡ ᠠᠯᠬᠤᠮ ᠢᠶᠠᠷ ᠬᠦᠴᠦᠯᠡᠨ | ᠠᠬᠢᠭᠤᠯᠵᠤ᠂ ᠡᠯ᠎ᠠ ᠵᠦᠢᠯ ᠤᠨ ᠱᠠᠳᠤᠴᠢ ᠴᠢᠨᠠᠷᠳᠠᠢ ᠬᠠᠷᠠᠯᠳᠠ ᠡᠭᠦᠷᠭᠡ ᠶᠢ ᠲᠤᠬᠳᠠᠭᠰᠠᠨ ᠴᠠᠭ ᠲᠤᠨᠢ ᠪᠡᠶᠡᠯᠡᠭᠦᠯᠭᠦ | ᠬᠡᠷᠡᠭᠳᠡᠢ᠃ ᠡᠯ᠎ᠠ ᠲᠤᠰᠬᠠᠢ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠲᠠᠭᠠᠭᠤᠯᠤᠨ ᠭᠦᠢᠴᠡᠳᠭᠡᠬᠦ ᠤᠳᠤᠷᠢᠳᠤᠯᠭ᠎ᠠ᠂ | ᠲᠠᠭᠠᠭᠤᠯᠤᠨ ᠭᠦᠢᠴᠡᠳᠭᠡᠬᠦ ᠰᠠᠯᠠᠭ᠎ᠠ ᠮᠦᠴᠢᠷ ᠪᠠ ᠬᠠᠷᠢᠭᠤᠴᠠᠯᠭᠠᠳᠦ ᠰᠠᠯᠠᠭ᠎ᠠ ᠮᠦᠴᠢᠷ ᠤᠨ ᠬᠢᠨ ᠲᠤᠰᠬᠠᠢ | ᠴᠡᠭᠴᠡᠯᠡᠨ ᠰᠠᠶᠢᠵᠢᠷᠠᠭᠤᠯᠬᠤ ᠲᠦᠰᠦᠯ ᠢ ᠨᠡᠶᠢᠳᠡᠪᠦᠷᠢᠵᠢᠭᠤᠯᠬᠤ ᠶᠢ ᠯᠠᠪᠳᠠᠭᠤᠨ ᠪᠠᠳᠤᠳᠠᠢ ᠰᠠᠶᠢᠳᠤᠷ ᠠᠳᠬᠤᠵᠤ᠂ | ᠲᠤᠰᠬᠠᠢ ᠴᠡᠭᠴᠡᠯᠡᠨ ᠰᠠᠶᠢᠵᠢᠷᠠᠭᠤᠯᠬᠤ ᠠᠵᠢᠯ ᠢ ᠪᠦᠬᠦ ᠲᠠᠯ᠎ᠠ ᠪᠠᠷ ᠠᠬᠢᠭᠤᠯᠬᠤ ᠬᠡᠷᠡᠭᠳᠡᠢ᠃ ᠡᠯ᠎ᠠ ᠱᠠᠳᠤ ᠡᠯ᠎ᠠ | ᠰᠠᠯᠠᠭ᠎ᠠ ᠮᠦᠴᠢᠷ ᠤᠨ ᠬᠢᠨ ᠦᠪᠡᠷᠳᠡᠭᠡᠨ ᠵᠠᠰᠬᠠᠤ ᠤᠷᠤᠨ ᠤ ᠨᠠᠮ ᠤᠨ ᠬᠤᠷᠢᠶ᠎ᠠ ᠶᠢᠨ ᠨᠢᠭᠡᠳᠦᠯᠳᠡᠢ | ᠪᠠᠶᠢᠷᠢᠯᠠᠭᠤᠯᠤᠯᠳᠠ ᠶᠤᠰᠤᠭᠠᠷ᠂ ᠲᠤᠰ ᠭᠠᠵᠠᠷ ᠤᠷᠤᠨ ᠲᠤᠰ ᠰᠠᠯᠠᠭ᠎ᠠ ᠮᠦᠴᠢᠷ ᠤᠨ ᠢᠶᠠᠨ ᠴᠡᠭᠴᠡᠯᠡᠨ | ᠰᠠᠶᠢᠵᠢᠷᠠᠭᠤᠯᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠳᠤᠷ ᠠᠳᠬᠤᠵᠤ᠂ ᠲᠤᠭᠤᠷᠢᠨ ᠪᠠᠶᠢᠴᠠᠭᠠᠵᠤ ᠴᠡᠭᠴᠡᠯᠡᠨ | ᠰᠠᠶᠢᠵᠢᠷᠠᠭᠤᠯᠬᠤ ᠠᠵᠢᠯ ᠤᠨ ᠲᠠᠰᠤᠷᠠᠯᠳᠠ ᠦᠭᠡᠢ ᠬᠦᠨᠵᠡᠭᠡᠶᠢᠷᠡᠨ ᠬᠦᠭᠵᠢᠭᠦ ᠶᠢ ᠠᠬᠢᠭᠤᠯᠬᠤ ᠬᠡᠷᠡᠭᠳᠡᠢ ᠬᠡᠵᠤ | ᠴᠢᠬᠤᠯᠠᠴᠢᠯᠠᠵᠠᠢ᠃ | ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃ |